2024 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ (ᠬᠣᠶᠠᠷ)
ᠨᠡᠶ᠋ᠢᠲᠡᠯᠡᠭᠰᠡᠨ ᠴᠠᠭ᠄ 2024-03-13

    ᠬᠣᠶᠠᠷ᠂ 2024 ᠣᠨ᠎ᠤ ᠠᠵᠢᠯ᠎ᠤᠨ ᠲᠣᠬᠢᠷᠠᠭᠤᠯᠤᠯᠲᠠ
    2024 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ  ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢ ᠬᠡᠷᠡᠭᠵᠢᠭᠦᠯᠬᠦ ᠤᠷᠢᠳᠤᠬᠢ ᠵᠢ ᠵᠠᠯᠭ᠋ᠠᠮᠵᠢᠯᠠᠨ ᠬᠣᠶ᠋ᠢᠰᠢᠬᠢ᠎ᠳᠤ ᠵᠠᠮ ᠨᠡᠭᠡᠭᠡᠬᠦ ᠵᠠᠩᠭᠢᠯᠠᠭ᠎ᠠ ᠵᠢᠨ ᠵᠢᠯ ᠮᠥᠨ᠃ ᠬᠡᠳᠦᠢ ᠬᠦᠨᠳᠦ ᠡᠭᠦᠷᠭᠡ ᠵᠢ ᠡᠭᠦᠷᠭᠡᠯᠡᠬᠦ ᠲᠤᠳᠤᠮ᠂ ᠲᠡᠳᠦᠢ ᠪᠦᠯᠬᠦᠮᠳᠡᠨ ᠲᠡᠮᠡᠴᠡᠬᠦ ᠬᠡᠷᠡᠭᠲᠡᠢ; ᠠᠵᠠ ᠲᠣᠬᠢᠶᠠᠯ ᠬᠡᠳᠦᠶ ᠣᠯᠳᠠᠬᠤᠶ᠎ᠠ ᠪᠡᠷᠬᠡ ᠪᠣᠯᠬᠤ ᠲᠤᠲᠤᠮ ᠲᠡᠳᠦᠶ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠬᠤ ᠬᠡᠷᠡᠭᠲᠡᠶ; ᠬᠦᠴᠢᠷ ᠪᠡᠷᠬᠡᠰᠢᠶᠡᠯ ᠲᠠᠰᠤᠷᠠᠬᠤ ᠤᠢ᠍ᠭᠡᠢ ᠪᠣᠯᠬᠤ ᠲᠤᠳᠦᠮ ᠲᠡᠮᠡᠴᠡᠯ᠎ᠤᠨ ᠵᠣᠷᠢᠭ ᠵᠶ᠋ᠠᠨ ᠤᠯᠠᠮ ᠪᠠᠳᠠᠷᠠᠭᠤᠯᠬᠤ ᠬᠡᠷᠡᠭᠲᠡᠶ᠃ ᠪᠢᠳᠡ ᠬᠣᠲᠠ ᠵᠢᠨ ᠨᠠᠮ᠎ᠤᠨ ᠬᠣᠷᠢᠶᠠᠨ᠎ᠤ ᠵᠢᠷᠭᠤᠳᠤᠭ᠋ᠠᠷ ᠬᠤᠭᠤᠴᠠᠭ᠋ᠠᠨ᠎ᠤ ᠵᠢᠷᠭᠤᠳᠤᠭ᠋ᠠᠷ ᠪᠥᠬᠥᠳᠡ ᠬᠤᠷᠠᠯ ᠵᠢᠴᠢ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠢᠲᠡᠭᠡᠯ ᠵᠣᠷᠢᠭ ᠵᠶ᠋ᠠᠨ ᠪᠠᠲᠤᠳᠬᠠᠨ᠂ ᠡᠷᠡᠯᠬᠡᠭᠯᠡᠨ ᠤᠷᠤᠭᠰᠢᠯᠠᠵᠤ᠂ ᠥᠭᠡᠷᠡᠴᠢᠯᠡᠯᠲᠡ ᠬᠥᠭᠵᠢᠯᠲᠡ ᠵᠢᠨ ᠳᠤᠮᠳᠠ ᠲᠡᠷᠢᠭᠦᠨ ᠲᠣᠬᠢᠶᠠᠯ᠎ᠢ ᠵᠠᠪᠳᠤᠨ ᠡᠵᠡᠯᠡᠬᠦ᠎ᠪᠠᠷ ᠴᠢᠷᠮᠠᠶ᠋ᠢᠵᠤ᠂ ᠣᠷᠣᠨ ᠪᠦᠰᠡ ᠵᠢᠨ ᠥᠷᠢᠰᠥᠯᠳᠦᠭᠡᠨ᠎ᠤ ᠳᠤᠮᠳᠠ ᠵᠣᠷᠢᠭᠲᠠᠶ᠎ᠪᠠᠷ ᠤᠷᠤᠰᠬᠠᠯ᠎ᠤᠨ ᠡᠮᠦᠨ᠎ᠡ ᠵᠣᠭᠰᠣᠵᠤ᠂ ᠣᠳᠣᠬᠢᠴᠢᠯᠠᠭᠰᠠᠨ ᠵᠣᠯ ᠵᠢᠷᠭ᠋ᠠᠯᠲᠤ ᠰᠠᠶ᠋ᠢᠨ ᠰᠠᠶ᠋ᠢᠬᠠᠨ  ᠭᠡᠭᠡᠨ ᠭᠤᠤᠯ᠎ᠤᠨ ᠪᠥᠲᠥᠭᠡᠨ ᠪᠠᠶ᠋ᠢᠭᠤᠯᠤᠯᠲᠠ ᠵᠢᠨ ᠰᠢᠯᠢᠳᠡᠭ ᠰᠢᠯᠭ᠋ᠠᠯᠲᠠ ᠵᠢᠨ ᠬᠠᠭᠤᠳᠠᠰᠤ ᠵᠢ ᠴᠢᠷᠮᠠᠶ᠋ᠢᠨ ᠲᠤᠰᠢᠶᠠᠬᠤ ᠬᠡᠷᠡᠭᠲᠡᠶ᠃
    ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠶᠡᠷᠦᠩᠬᠡᠶ ᠱᠠᠭ᠋ᠠᠷᠳᠠᠯᠭ᠎ᠠ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ  ᠵᠢᠷᠤᠮᠲᠦ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠰᠢ ᠵᠢᠨ ᠫᠢᠩ ᠶᠡᠷᠦᠩᠬᠡᠶ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠭᠣᠣᠯ ᠱᠤᠭᠤᠮ ᠪᠣᠯᠭ᠋ᠠᠵᠤ᠂ 《ᠲᠠᠪᠤᠨ ᠶᠡᠬᠡ ᠡᠭᠦᠷᠭᠡ》 ᠵᠢ ᠴᠢᠨᠠᠷ ᠰᠠᠶ᠋ᠢᠲᠠᠶ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠳᠦᠯᠲᠡᠶ ᠲᠥᠯᠥᠪᠯᠡᠵᠦ᠂ 《ᠲᠠᠪᠤᠨ ᠶᠡᠬᠡ ᠠᠵᠢᠯᠯᠠᠭ᠋ᠠᠨ᠎ᠤ ᠲᠥᠯᠥᠪᠯᠡᠭᠡ》 ᠵᠢ ᠭᠦᠨᠵᠡᠭᠡᠶ  ᠪᠣᠳᠠᠲᠠᠶ᠋ᠢᠵᠢᠭᠤᠯᠵᠤ᠂ ᠪᠥᠬᠥ ᠬᠦᠴᠦᠨ ᠵᠶ᠋ᠠᠷ ᠵᠶ᠋ᠠᠨ ᠲᠥᠷᠥᠯ  ᠵᠦᠢ᠍ᠯ᠎ᠢ ᠠᠳᠬᠤᠬᠤ᠂ ᠠᠵᠤ  ᠦᠢ᠍ᠯᠡᠰ᠎ᠢ ᠬᠥᠭᠵᠢᠭᠦᠯᠬᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠬᠥᠭᠵᠢᠯᠲᠡ ᠵᠢ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠥᠬᠡᠶ ᠬᠥᠭᠵᠢᠬᠦ᠂ ᠴᠢᠨᠠᠷ ᠰᠠᠶ᠋ᠢᠲᠠᠶ ᠬᠥᠭᠵᠢᠬᠦ ᠵᠢ ᠲᠦᠷᠭᠡᠳᠬᠡᠨ ᠠᠬᠢᠭᠤᠯᠵᠤ᠂ ᠠᠵᠤ ᠠᠬᠤᠶ ᠵᠢᠨ ᠴᠢᠨᠠᠷ ᠴᠢᠨᠰᠠᠭ᠎ᠠ ᠵᠢ ᠪᠦᠲᠦᠮᠵᠢᠲᠡᠶ ᠳᠡᠭᠡᠭᠰᠢᠯᠡᠭᠦᠯᠬᠦ ᠪᠠ ᠲᠣᠭ᠎ᠠ ᠬᠡᠮᠵᠢᠶ᠎ᠡ ᠵᠢ ᠵᠣᠬᠢᠰᠲᠠᠶ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠰᠢᠨ᠎ᠡ ᠴᠠᠭ ᠦᠶ᠎ᠡ ᠵᠢᠨ ᠭᠡᠭᠡᠨ ᠭᠣᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ᠎ᠢ ᠴᠢᠷᠮᠠᠶ᠋ᠢᠨ ᠨᠡᠭᠡᠭᠡᠬᠦ ᠬᠡᠷᠡᠭᠲᠡᠶ᠃
    ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠳᠡᠭ᠎ᠢ 6.5%᠎ᠪᠠᠷ ᠨᠡᠮᠡᠭᠳᠡᠭᠦᠯᠦᠨ᠎ᠡ; ᠲᠣᠭᠲᠠᠮᠠᠯ ᠬᠦᠷᠦᠨᠭᠭᠡ ᠵᠢᠨ ᠪᠡᠯᠡ ᠣᠷᠣᠭᠤᠯᠤᠯᠲᠠ ᠵᠢ 15%᠎ᠪᠠᠷ ᠨᠡᠮᠡᠭᠳᠡᠭᠦᠯᠦᠨ᠎ᠡ᠃ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠬᠦ ᠲᠣᠭ᠎ᠠ 5.5%᠎ᠪᠠᠷ ᠨᠡᠮᠡᠭᠳᠡᠨ᠎ᠡ; ᠡᠩ᠎ᠤᠨ ᠤᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠨ᠎ᠡ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ᠎ᠠᠴᠠ ᠦᠨᠳᠦᠷ; ᠪᠠᠲᠤᠯᠠᠭ᠎ᠠ ᠵᠢᠨ ᠴᠢᠨᠠᠷᠲᠠᠶ ᠠᠷᠠᠳ᠎ᠤᠨ ᠠᠮᠢᠳᠤᠷᠠᠯ᠎ᠤᠨ ᠵᠠᠷᠤᠯᠭ᠎ᠠ ᠲᠣᠭᠲᠠᠭᠤᠨ ᠵᠶ᠋ᠠᠷ ᠨᠡᠮᠡᠭᠳᠡᠨ᠎ᠡ ; ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠡᠭᠦᠷᠭᠡ᠂ ᠪᠣᠬᠢᠷᠲᠤᠯ ᠥᠬᠡᠶ ᠬᠥᠭᠵᠢᠯᠲᠡ ᠵᠢᠨ ᠭᠦᠢ᠍ᠴᠡᠳᠭᠡᠯ ᠲᠣᠭ᠎ᠠ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠪᠣᠳᠠᠲᠠᠶ ᠠᠵᠢᠯ᠎ᠤᠨ ᠳᠤᠮᠳᠠ᠎ᠪᠠᠨ ᠨᠠᠩ ᠰᠠᠶ᠋ᠢᠨ ᠬᠢᠷᠢ ᠪᠦᠲᠦᠮᠵᠢ ᠤᠯᠬᠤ᠎ᠪᠠᠷ ᠴᠢᠷᠮᠠᠶ᠋ᠢᠨ᠎ᠠ᠃
    ᠳᠡᠭᠡᠷ᠎ᠡ ᠳᠤᠷᠠᠳᠤᠭᠰᠠᠨ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ᠂ ᠪᠢᠳᠡ ᠳᠣᠣᠷᠠᠬᠢ ᠲᠤᠯᠤᠭ᠋ᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠠᠳᠬᠤᠨ᠎ᠠ᠃
    (ᠨᠢᠭᠡ) ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠬᠦᠴᠦ᠎ᠪᠠᠨ ᠲᠥᠪᠯᠡᠷᠡᠭᠦᠯᠵᠦ᠂ ᠪᠣᠬᠢᠷᠲᠤᠯ ᠥᠬᠡᠶ ᠬᠥᠭᠵᠢᠯᠲᠡ ᠵᠢᠨ ᠳᠠᠪᠠᠭᠤᠯᠢᠭ ᠲᠠᠯ᠎ᠠ᠎ᠢ ᠪᠡᠬᠢᠵᠢᠭᠦᠯᠦᠨ ᠳᠡᠭᠡᠭᠰᠢᠯᠡᠭᠦᠯᠦᠨ᠎ᠡ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠨᠢᠳᠦ᠎ᠪᠠᠨ ᠬᠠᠮᠠᠭ᠋ᠠᠯᠠᠬᠤ ᠰᠢᠭ᠋ ᠵᠶ᠋ᠠᠷ ᠪᠠᠶ᠋ᠢᠭ᠋ᠠᠯᠢ ᠪᠣᠯᠤᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠵᠤ᠂ ᠡᠨᠡᠬᠦ ᠬᠥᠬᠡᠮᠳᠦᠭ ᠨᠣᠭᠣᠭ᠋ᠠᠨ ᠠᠭᠤᠯᠠ ᠤᠰᠤ᠎ᠪᠠᠨ ᠰᠠᠶ᠋ᠢᠲᠤᠷ ᠰᠠᠬᠢᠨ ᠬᠠᠮᠠᠭ᠋ᠠᠯᠠᠵᠤ᠂ ᠠᠮᠢ ᠠᠬᠤᠢ ᠵᠢᠨ ᠪᠣᠯᠪᠠᠰᠤᠨ᠎ᠤ ᠦᠯᠢᠭᠡᠷ ᠳᠠᠭᠤᠷᠢᠶᠠᠯ᠎ᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠬᠤ ᠬᠡᠷᠡᠭᠲᠡᠢ᠃
    ᠰᠢᠰᠲ᠋ᠧᠮ᠎ᠤᠨ ᠬᠠᠮᠠᠭ᠋ᠠᠯᠠᠯᠲᠠ ᠵᠢ ᠲᠦᠯᠬᠢᠨ ᠠᠬᠢᠭᠤᠯᠤᠨ᠎ᠠ᠃ ᠣᠷᠴᠢᠨ ᠠᠬᠤᠶ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠢ ᠠᠬᠤᠶ ᠵᠢᠨ ᠣᠷᠴᠢᠨ ᠨᠥᠬᠥᠴᠡᠯ᠎ᠤᠨ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠠᠮᠢ ᠠᠬᠤᠶ ᠵᠢᠨ ᠣᠷᠴᠢᠨ ᠨᠥᠬᠥᠴᠡᠯ᠎ᠤᠨ ᠠᠮᠤᠷ ᠲᠦᠪᠰᠢᠨ᠎ᠢ ᠪᠠᠲᠤᠯᠠᠨ᠎ᠠ ᠃ ᠦᠨᠡᠨ ᠬᠦ᠌ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠥᠷᠥᠮ ᠡᠪᠡᠰᠦ ᠡᠯᠡᠰᠦ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ᠎ᠪᠠᠷ ᠵᠠᠰᠠᠬᠤ ᠵᠢ ᠭᠦᠨᠵᠡᠭᠡᠶ ᠲᠦᠯᠬᠢᠨ ᠠᠬᠢᠭᠤᠯᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠬᠠᠮᠤᠭ᠎ᠤᠨ ᠴᠢᠩᠭ᠎ᠠ ᠤᠯᠠᠭ᠋ᠠᠨ ᠱᠤᠭᠤᠮ᠂ ᠣᠷᠴᠢᠨ ᠠᠬᠤᠶ ᠵᠢᠨ ᠶᠠᠰᠤ ᠴᠢᠨᠠᠷ᠎ᠤᠨ ᠬᠢᠵᠠᠭ᠋ᠠᠷ ᠱᠤᠭᠤᠮ᠂ ᠡᠬᠢ ᠪᠠᠶᠠᠯᠢᠭ᠎ᠤᠨ ᠠᠰᠢᠭᠯᠠᠯᠲᠠ ᠵᠢᠨ ᠳᠡᠭᠡᠳᠦ ᠱᠤᠭᠤᠮ ᠪᠠ ᠠᠮᠢ ᠠᠬᠤᠶ ᠵᠢᠨ ᠣᠷᠴᠢᠨ ᠨᠥᠬᠥᠴᠡᠯ᠎ᠤᠨ ᠣᠷᠣᠬᠤ ᠵᠥᠪᠰᠢᠶᠡᠷᠡᠯ᠎ᠤᠨ ᠲᠣᠳᠣᠷᠬᠠᠶ ᠬᠠᠭᠤᠳᠠᠰᠤ ᠵᠢᠨ ᠲᠦᠷᠢᠮ᠎ᠢ ᠬᠡᠷᠡᠭᠵᠢᠭᠦᠯᠦᠨ᠎ᠡ᠃ ᠠᠮᠢ ᠠᠬᠤᠶ ᠵᠢᠨ ᠪᠣᠯᠪᠠᠰᠤᠨ᠎ᠤ ᠠᠵᠢᠯ᠎ᠤᠨ ᠪᠦᠲᠦᠮᠵᠢ ᠵᠢ ᠬᠢᠨᠠᠨ ᠰᠢᠯᠭ᠋ᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢᠨ ᠳᠠᠬᠢᠨ ᠬᠢᠨᠠᠬᠤ ᠠᠵᠢᠯ᠎ᠢ ᠰᠠᠶ᠋ᠢᠲᠤᠷ ᠬᠢᠨ᠎ᠠ᠃ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠤᠯᠤᠰ᠎ᠤᠨ ᠥᠮᠴᠢᠯᠡᠯ᠎ᠤᠨ ᠨᠡᠶ᠋ᠢᠲᠡ ᠵᠢᠨ ᠠᠰᠠᠷᠠᠮᠵᠢ ᠵᠢᠨ ᠣᠶ᠂ ᠪᠠᠶ᠋ᠢᠭ᠋ᠠᠯᠢ ᠵᠢᠨ ᠣᠶ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠂ 《ᠣᠶ ᠵᠢᠨ ᠳᠠᠷᠤᠭ᠎ᠠ + ᠭᠣᠤᠯ᠎ᠤᠨ ᠳᠠᠷᠤᠭ᠎ᠠ》 ᠵᠢᠨ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠶᠡᠬᠡ ᠬᠢᠩᠭ᠋ᠠᠨ ᠳᠠᠪᠠᠭ᠎ᠠ ᠵᠢᠨ ᠡᠨᠡ ᠬᠦ᠌ ᠪᠣᠬᠢᠷᠲᠤᠯ ᠥᠬᠡᠶ ᠣᠶ ᠵᠢᠨ ᠲᠡᠯᠡᠶ ᠵᠢ ᠦᠨᠡᠨᠬᠦ ᠰᠠᠶ᠋ᠢᠲᠤᠷ ᠬᠠᠮᠠᠭ᠋ᠠᠯᠠᠨ᠎ᠠ᠃
    ᠡᠬᠢ ᠡᠭᠦᠰᠦᠯ᠎ᠠᠴᠠ᠎ᠨᠢ ᠵᠠᠰᠠᠬᠤ ᠵᠢ ᠲᠤᠪᠤᠢ᠍ᠢ᠍ᠯᠭ᠋ᠠᠪᠠ᠃ ᠣᠶ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠣᠶ ᠮᠣᠳᠣ ᠵᠢ ᠬᠤᠯᠠᠭ᠋ᠠᠶ᠋ᠢᠯᠠᠨ ᠣᠭᠲᠣᠯᠬᠤ᠂ ᠣᠶ᠋ᠢᠲᠤ ᠭᠠᠵᠠᠷ᠎ᠢ ᠡᠵᠡᠯᠡᠬᠦ᠂ ᠴᠢᠭᠢᠭᠯᠢᠭ ᠭᠠᠵᠠᠷ᠎ᠢ ᠡᠪᠳᠡᠬᠦ᠂ ᠬᠡᠭᠡᠷ᠎ᠡ ᠵᠢᠨ ᠠᠮᠢᠲᠠᠨ᠎ᠢ ᠳᠤᠷ᠎ᠠ᠎ᠪᠠᠷ ᠵᠶ᠋ᠠᠨ ᠠᠩᠨᠠᠬᠤ ᠵᠡᠷᠭᠡ ᠬᠠᠤᠯᠢ᠎ᠠᠴᠠ ᠵᠥᠷᠢᠴᠡᠭᠰᠡᠨ  ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠠᠮᠢ ᠠᠬᠤᠶ ᠵᠢᠨ ᠣᠷᠴᠢᠨ ᠲᠣᠭᠣᠷᠢᠨ᠎ᠤ ᠠᠰᠠᠭᠤᠳᠠᠯ᠎ᠢ ᠶᠡᠬᠡᠪᠡᠷ ᠵᠢᠭᠰᠠᠭ᠋ᠠᠨ ᠪᠠᠶ᠋ᠢᠴᠠᠭ᠋ᠠᠵᠤ ᠶᠡᠬᠡᠪᠡᠷ ᠴᠡᠭᠴᠡᠯᠡᠨ ᠵᠠᠰᠠᠨ᠎ᠠ᠃ ᠬᠥᠬᠡᠮᠳᠦᠭ ᠲᠩᠷᠢ᠂ ᠨᠣᠮᠢᠨ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠪᠠᠶ᠋ᠢᠯᠳᠤᠭ᠋ᠠᠨ᠎ᠢ ᠭᠦᠨᠵᠡᠭᠡᠶ ᠰᠠᠶ᠋ᠢᠲᠤᠷ ᠬᠢᠵᠦ᠂ 65 ᠲᠣᠨ ᠠᠭᠤᠷᠰᠢᠭᠤᠯᠬᠤ / ᠴᠠᠭ᠎ᠠᠴᠠ ᠳᠡᠭᠡᠭᠰᠢᠬᠢ ᠨᠡᠭᠦᠷᠡᠰᠦ ᠰᠢᠲᠠᠭ᠋ᠠᠬᠤ ᠭᠦᠸᠧᠯᠦ ᠵᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠲᠦᠷᠭᠡᠳᠬᠡᠵᠦ᠂ ᠵᠠᠮ᠂ ᠪᠠᠷᠢᠯᠭ᠎ᠠ ᠵᠢᠨ ᠠᠵᠢᠯ᠂ ᠣᠪᠣᠭ᠋ᠠᠯᠠᠬᠤ ᠲᠠᠯᠠᠪᠠᠢ ᠵᠡᠷᠭᠡ ᠳᠡᠭᠳᠡᠮᠡᠯ ᠲᠣᠭᠣᠰᠣ ᠵᠢ ᠬᠠᠮᠢᠶᠠᠷᠤᠨ ᠡᠵᠡᠮᠳᠡᠬᠦ ᠠᠵᠢᠯ᠎ᠢ ᠰᠠᠶ᠋ᠢᠲᠤᠷ ᠬᠢᠵᠦ᠂ ᠭᠡᠭᠡᠨ ᠭᠣᠣᠯ᠎ᠤᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ᠂ ᠬᠤᠯᠢᠫᠥ᠋  ᠭᠣᠣᠯ᠎ᠤᠨ ᠠᠭᠤᠯᠠ ᠵᠢᠨ ᠦᠶᠡᠷ᠎ᠤᠨ ᠭᠤᠤ ᠵᠢ ᠵᠠᠰᠠᠬᠤ ᠢᠨᠵᠧᠨᠧᠷᠢᠩ᠎ᠢ ᠠᠵᠢᠯ ᠡᠬᠢᠯᠡᠭᠦᠯᠦᠨ ᠪᠦᠳᠦᠭᠡᠨ ᠪᠠᠶ᠋ᠢᠭᠤᠯᠤᠨ᠎ᠠ᠃ ᠭᠤᠷᠪᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠬᠥᠷᠥᠰᠥ ᠰᠢᠷᠣᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠵᠦ᠂ ᠪᠣᠬᠢᠷᠲᠤᠭᠳᠠᠭᠰᠠᠨ ᠠᠭᠤᠷᠬᠠᠶ ᠵᠢᠨ ᠣᠷᠣᠨ᠎ᠤ ᠬᠥᠷᠥᠰᠥ ᠰᠢᠷᠣᠶ ᠵᠢᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠵᠢ ᠴᠢᠩᠭ᠋ᠠᠳᠬᠠᠨ᠂  ᠳ᠋ᠡᠷᠪᠤᠭ᠋ᠠᠨ ᠬᠠᠭᠤᠷᠠᠶ ᠭᠣᠤᠯ᠎ᠤᠨ ᠵᠠᠮ᠎ᠤᠨ ᠠᠮᠢ ᠠᠬᠤᠶ ᠵᠢ ᠰᠡᠷᠭᠦᠭᠡᠨ ᠵᠠᠰᠠᠬᠤ ᠵᠢ ᠯᠠᠪᠳᠠᠭᠤᠨ ᠵᠶ᠋ᠠᠷ ᠠᠬᠢᠭᠤᠯᠵᠤ᠂ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠤᠨ᠎ᠠ᠃
    ᠥᠷᠲᠡᠭ᠎ᠤᠨ ᠬᠤᠪᠢᠷᠠᠭᠤᠯᠤᠯᠲᠠ ᠵᠢ ᠲᠦᠷᠭᠡᠳᠬᠡᠨ᠎ᠡ᠃ ᠠᠮᠢ ᠠᠬᠤᠶ ᠵᠢᠨ ᠳᠠᠪᠠᠭᠤᠯᠢᠭ᠎ᠲᠤ ᠰᠠᠭᠤᠷᠢᠯᠠᠨ᠂ ᠠᠮᠢ ᠠᠬᠤᠶ ᠵᠢᠨ ᠦᠢ᠍ᠯᠡᠳᠬᠦᠨ᠎ᠤ ᠦᠷᠳᠡᠭ᠎ᠢ ᠬᠤᠪᠢᠷᠠᠭᠤᠯᠬᠤ ᠠᠷᠭ᠎ᠠ ᠵᠠᠮ᠎ᠢ ᠰᠦᠪᠡᠭᠴᠢᠯᠡᠵᠦ᠂ ᠠᠮᠢ ᠠᠬᠤᠶ ᠵᠢᠨ ᠡᠳ᠋ ᠪᠠᠶᠠᠯᠢᠭ᠎ᠢ ᠠᠵᠤ ᠠᠬᠤᠶ ᠵᠢᠨ ᠡᠳ᠋ ᠪᠠᠶᠠᠯᠢᠭ ᠪᠣᠯᠭ᠋ᠠᠨ ᠬᠤᠪᠢᠷᠠᠭᠤᠯᠬᠤ ᠵᠢ ᠲᠦᠯᠬᠢᠨ ᠠᠬᠢᠭᠤᠯᠤᠨ᠎ᠠ᠃ ᠣᠶ ᠵᠢᠨ ᠬᠣᠷᠮᠣᠶ ᠵᠢᠨ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ᠎ᠪᠠᠷ ᠨᠡᠭᠡᠭᠡᠨ ᠠᠰᠢᠭᠯᠠᠵᠤ᠂ ᠣᠶ ᠰᠢᠭᠤᠶ ᠵᠢᠨ ᠢᠳᠡᠭᠡᠨ᠂ ᠤᠨᠴᠠᠯᠢᠬᠳᠤ ᠣᠶ ᠵᠢᠮᠢᠰ᠂ ᠣᠶ ᠡᠪᠡᠰᠦ ᠵᠢᠨ ᠬᠢᠲᠠᠳ ᠡᠮ ᠵᠡᠷᠭᠡ ᠪᠦᠲᠦᠭᠡᠭᠳᠡᠬᠦᠨ᠎ᠢ ᠭᠦᠨᠵᠡᠭᠡᠶ ᠡᠳ᠋ᠰᠢᠭᠦᠯᠬᠦ ᠵᠢ ᠶᠡᠬᠡᠪᠡᠷ ᠠᠬᠢᠭᠤᠯᠤᠨ᠎ᠠ᠃ ᠵᠧᠩ᠎ᠲᠠᠢ ᠠᠨ ᠡᠨᠧᠷᠭᠢ ᠵᠢᠨ ᠲᠣᠭ᠋ᠠᠴᠢᠯᠠᠭᠰᠠᠨ ᠺᠣᠮᠫᠠᠨᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠲᠠᠷᠬᠠᠮᠠᠯ ᠬᠡᠯᠪᠡᠷᠢ ᠵᠢᠨ ᠬᠡᠷᠡᠯ ᠴᠡᠨᠡᠭ᠎ᠤᠨ ᠲᠥᠷᠥᠯ  ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠣᠶ ᠵᠢᠨ ᠬᠣᠷᠮᠣᠶ ᠵᠢᠨ ᠦᠯᠡᠳᠡᠭᠳᠡᠯ ᠪᠣᠳᠠᠰ᠎ᠢ ᠠᠰᠢᠭᠯᠠᠨ᠂ ᠠᠮᠢᠳᠤ ᠪᠣᠳᠠᠰ᠎ᠤᠨ ᠮᠠᠰ᠎ᠤᠨ ᠮᠥᠬᠥᠯᠢᠭ᠎ᠢ ᠡᠳ᠋ᠰᠢᠭᠦᠯᠬᠦ ᠲᠥᠷᠥᠯ ᠵᠦᠢ᠍ᠯ᠎ᠢ ᠬᠡᠷᠡᠭᠵᠢᠭᠦᠯᠦᠨ᠎ᠡ᠃ ᠠᠮᠢ ᠠᠬᠤᠶ ᠵᠢᠨ ᠪᠦᠲᠦᠭᠡᠭᠳᠡᠬᠦᠨ᠎ᠤ ᠥᠷᠲᠡᠭ᠎ᠤᠨ ᠲᠣᠭ᠋ᠠᠴᠠᠭ᠎ᠠ ᠬᠢᠬᠦ ᠵᠢ ᠲᠦᠷᠭᠡᠳᠬᠡᠵᠦ᠂ ᠣᠶ ᠰᠢᠭᠤᠶ᠂ ᠴᠢᠭᠢᠭᠯᠢᠭ ᠭᠠᠵᠠᠷ᠂ ᠭᠣᠤᠯ ᠮᠥᠷᠡᠨ ᠵᠡᠷᠭᠡ ᠡᠯ᠎ᠡ ᠲᠥᠷᠥᠯ᠎ᠤᠨ ᠠᠮᠢ ᠠᠬᠤᠶ ᠵᠢᠨ ᠰᠢᠰᠲ᠋ᠧᠮ᠎ᠤᠨ ᠰᠠᠭᠤᠷᠢ ᠲᠣᠭ᠎ᠠ ᠪᠠᠷᠢᠮᠲᠠ ᠵᠢ ᠴᠤᠭᠯᠠᠭᠤᠯᠬᠤ ᠠᠵᠢᠯ᠎ᠢ ᠥᠷᠨᠢᠭᠦᠯᠵᠦ᠂ 《ᠬᠥᠬᠡᠮᠳᠦᠭ ᠨᠣᠭᠣᠭ᠋ᠠᠨ ᠠᠭᠤᠯᠠ ᠤᠰᠤ》 ᠵᠢ ᠨᠠᠩ  ᠭᠦᠢ᠍ᠴᠡᠳ 《ᠠᠯᠲᠠᠨ ᠠᠭᠤᠯᠠ ᠮᠥᠩᠭᠥᠨ ᠠᠭᠤᠯᠠ》 ᠪᠣᠯᠭ᠋ᠠᠨ ᠬᠤᠪᠢᠷᠠᠭᠤᠯᠬᠤ ᠵᠢ ᠠᠬᠢᠭᠤᠯᠤᠨ᠎ᠠ᠃
    (ᠬᠣᠶᠠᠷ) ᠬᠦᠴᠦ᠎ᠪᠠᠨ ᠲᠥᠪᠯᠡᠷᠡᠭᠦᠯᠦᠨ ᠠᠵᠤ ᠦᠢ᠍ᠯᠡᠰ᠎ᠤᠨ ᠬᠥᠭᠵᠢᠯᠲᠡ ᠵᠢ ᠪᠣᠶ᠋ᠢᠵᠢᠭᠤᠯᠵᠤ᠂ ᠣᠲᠣ ᠦᠶ᠎ᠡ ᠵᠢᠨ ᠠᠮᠢ ᠠᠬᠤᠶ ᠵᠢᠨ ᠠᠵᠤ ᠦᠢ᠍ᠯᠡᠰ᠎ᠤᠨ ᠰᠢᠰᠲ᠋ᠧᠮ ᠵᠢ ᠪᠠᠶ᠋ᠢᠭᠤᠯᠤᠨ᠎ᠠ᠃ 《ᠲᠠᠪᠤᠨ ᠶᠡᠬᠡ ᠠᠵᠢᠯᠯᠠᠭ᠋ᠠᠨ᠎ᠤ ᠲᠥᠯᠥᠪᠯᠡᠭᠡ》 ᠵᠢ ᠭᠦᠨᠵᠡᠭᠡᠶ ᠨᠠᠢ᠌ᠲᠠᠪᠤᠷᠢᠵᠢᠭᠤᠯᠤᠨ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ᠎ᠪᠠᠷ ᠨᠢᠭᠡ   ᠬᠤᠶᠠᠷ ᠭᠤᠷᠪᠠᠳᠤᠭ᠋ᠠᠷ ᠠᠵᠦ ᠦᠢ᠍ᠯᠡᠰ᠎ᠢ ᠳᠠᠢ᠌ᠴᠢᠯᠠᠨ᠂ ᠨᠢᠭᠡ ᠬᠤᠶᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃
    ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠪᠠᠷᠢᠮᠵᠢᠶ᠎ᠠ ᠪᠠ ᠦᠷ᠎ᠡ ᠪᠦᠲᠦᠮᠵᠢ ᠵᠢ ᠳᠡᠭᠡᠭᠰᠢᠯᠡᠭᠦᠯᠦᠨ ᠬᠥᠭᠵᠢᠭᠦᠯᠬᠦ ᠵᠢ ᠭᠦᠨᠵᠡᠭᠡᠶ ᠠᠬᠢᠭᠤᠯᠤᠨ᠎ᠠ᠃ ᠵᠢᠭᠤᠯᠴᠢᠯᠠᠯ ᠵᠶ᠋ᠠᠷ ᠬᠣᠲᠠ ᠵᠢ ᠬᠥᠭᠵᠢᠭᠦᠯᠬᠦ ᠪᠥᠲᠥᠭᠡᠨ ᠪᠠᠶ᠋ᠢᠭᠤᠯᠤᠯᠲᠠ ᠵᠢ ᠭᠤᠶ᠋ᠢᠪᠢᠰᠢ ᠥᠬᠡᠶ ᠠᠳᠬᠤᠵᠤ᠂ 《ᠣᠶ ᠰᠢᠭᠤᠶ ᠵᠢᠨ ᠬᠣᠲᠠ᠂ ᠴᠠ ᠪᠤᠭᠤ ᠵᠢᠨ ᠨᠤᠲᠤᠭ᠂ ᠪᠡᠶ᠎ᠡ ᠰᠤᠪᠢᠯᠠᠯᠲᠠ ᠵᠢᠨ ᠦᠵᠡᠮᠵᠢᠲᠦ ᠣᠷᠣᠨ᠂ ᠳᠤᠮᠳᠠᠳᠤ ᠤᠯᠤᠰ᠎ᠤᠨ ᠬᠦᠢ᠍ᠲᠡᠨ ᠲᠤᠶ᠋ᠢᠯ》᠎ᠤᠨ ᠵᠢᠭᠤᠯᠴᠢᠯᠠᠯ᠎ᠤᠨ ᠨᠠᠷᠠᠲᠤ ᠲᠡᠮᠳᠡᠭᠲᠦ ᠵᠢ ᠪᠥᠬᠥ ᠬᠦᠴᠦᠨ ᠵᠶ᠋ᠠᠷ ᠵᠶ᠋ᠠᠨ ᠪᠣᠶ ᠪᠣᠯᠭ᠋ᠠᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ ᠬᠢᠭᠡᠳ ᠡᠷᠡᠭᠦᠯᠵᠢᠯ ᠰᠤᠪᠢᠯᠠᠯᠲᠠ ᠠᠮᠠᠷᠠᠯᠲᠠ᠂ ᠰᠣᠶᠣᠯ ᠪᠡᠶ᠎ᠡ ᠲᠠᠮᠢᠷ᠂ ᠬᠣᠲᠠ ᠬᠥᠳᠡᠭᠡ ᠵᠢᠨ ᠠᠵᠤ ᠠᠬᠤᠶ ᠵᠢᠨ ᠠᠭᠤᠰᠤᠯᠴᠠᠨ ᠬᠥᠭᠵᠢᠬᠦ ᠵᠢ ᠳᠥᠯᠭᠢᠨ ᠠᠬᠢᠭᠤᠯᠵᠤ᠂ 《ᠭᠠᠵᠠᠷ ᠪᠣᠯᠭ᠋ᠠᠨ ᠴᠥᠮ ᠵᠢᠭᠤᠯᠴᠢᠯᠠᠯ᠎ᠤᠨ ᠣᠷᠴᠢᠨ ᠲᠣᠭᠣᠷᠢᠨ》 ᠪᠥᠬᠥᠶ ᠪᠥᠬᠥ ᠴᠠᠷᠠᠭ᠋ᠠᠨ᠎ᠤ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠷᠢᠰᠢᠯ᠎ᠢ ᠪᠣᠶ ᠪᠣᠯᠭ᠋ᠠᠨ᠎ᠠ᠃ ᠤᠯᠭᠤᠶᠠ ᠵᠢᠨ ᠦᠵᠡᠮᠵᠢ ᠵᠢᠨ ᠣᠷᠣᠨ᠎ᠤ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠦᠷᠭᠦᠯᠵᠢᠯᠡᠨ ᠠᠬᠢᠭᠤᠯᠵᠤ᠂ ᠬᠦᠢ᠍ᠲᠡᠨ ᠲᠤᠶ᠋ᠢᠯ᠎ᠤᠨ ᠬᠠᠯᠠᠭᠤᠨ ᠷᠠᠰᠢᠶᠠᠨ᠎ᠤ ᠪᠠᠭᠤᠳᠠᠯ᠂ ᠮᠥ᠋ ᠳ᠋ᠦ᠋ ᠤᠰᠤ ᠵᠢᠨ ᠶᠢᠷᠲᠢᠨᠴᠦ᠂ ᠠᠮᠲᠠᠲᠤ ᠢᠳᠡᠭᠡᠨ᠎ᠤ ᠬᠣᠲᠠ᠂ ᠪᠠᠷᠠᠭᠤᠨ ᠦᠺᠢᠶ᠎ᠠ ᠵᠢᠨ ᠬᠤᠸᠠᠷᠠᠨ᠎ᠤ ᠬᠣᠶᠠᠳᠤᠭ᠋ᠠᠷ ᠬᠤᠭᠤᠴᠠᠭ᠎ᠠ᠂ ᠯᠦ᠍ ᠶᠦᠨ ᠪᠠᠭᠤᠳᠠᠯ᠂ ᠲᠠᠷᠢᠶᠠᠨ ᠭᠠᠵᠠᠷ᠎ᠤᠨ ᠶᠡᠷᠦᠩᠬᠡᠶ᠋ᠢᠯᠡᠭᠰᠡᠨ ᠴᠣᠭᠴᠠ ᠵᠡᠷᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠂ ᠦᠵᠡᠮᠵᠢ ᠵᠢᠨ ᠣᠷᠣᠨ᠎ᠤ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠠᠶᠠᠯᠢᠭᠵᠢᠭᠤᠯᠵᠤ᠂ ᠦᠵᠡᠮᠵᠢ ᠵᠢᠨ ᠣᠷᠣᠨ᠎ᠤ ᠬᠠᠮᠢᠶᠠᠷᠤᠯᠲᠠ ᠵᠢ ᠵᠢᠷᠤᠮᠵᠢᠭᠤᠯᠤᠨ᠂ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠪᠥᠬᠥ ᠬᠦᠴᠦᠨ ᠵᠶ᠋ᠠᠷ ᠵᠶ᠋ᠠᠨ ᠴᠣᠭᠴᠠᠯᠠᠨ ᠪᠠᠶ᠋ᠢᠭᠤᠯᠤᠨ᠎ᠠ᠃  ᠭᠡᠭᠡᠨ ᠭᠤᠤᠯ ᠮᠠᠨᠬᠥ᠋ᠢ ᠵᠢᠨ ᠵᠠᠰᠠᠮᠠᠯ ᠵᠠᠮ ᠵᠶ᠋ᠠᠷ ᠲᠦᠰᠢᠭ ᠪᠣᠯᠭ᠋ᠠᠵᠤ᠂ ᠶᠡᠬᠡ ᠬᠢᠩᠭ᠋ᠠᠨ ᠳᠠᠪᠠᠭ᠎ᠠ ᠵᠢᠨ ᠳᠠᠪᠠᠭ᠋ᠠᠨ᠎ᠳᠠᠬᠢ ᠵᠢᠭᠤᠯᠴᠢᠯᠠᠯ᠎ᠤᠨ ᠦᠵᠡᠮᠵᠢ ᠵᠢᠨ ᠵᠠᠮ᠎ᠢ ᠨᠡᠪᠲᠡᠷᠡᠭᠦᠯᠵᠦ᠂ ᠭᠡᠭᠡᠨ ᠭᠣᠤᠯ᠎ᠤᠨ ᠡᠬᠢ ᠵᠢᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠂  ᠬᠦᠢ᠍ᠲᠡᠨ ᠲᠦᠢ᠍ᠯ ᠲᠣᠰᠬᠣᠨ᠂ ᠶᠡᠬᠡ ᠰᠠᠮ᠎ᠠ᠂ ᠺᠠᠷᠦ᠋ᠫᠡᠨ ᠠᠭᠤᠯᠠ ᠵᠢᠨ ᠦᠵᠡᠮᠵᠢ ᠵᠢᠨ ᠣᠷᠣᠨ᠎ᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠲᠦᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠳᠤᠮᠳᠠᠳᠤ ᠤᠯᠤᠰ᠎ᠤᠨ ᠬᠦᠢ᠍ᠲᠡᠨ ᠲᠤᠶ᠋ᠢᠯ᠎ᠢ ᠪᠡᠶᠡᠴᠢᠯᠡᠨ ᠣᠶ᠋ᠢᠯᠠᠭ᠋ᠠᠬᠤ᠂ ᠴᠠ ᠪᠤᠭᠤ ᠵᠢᠨ ᠰᠣᠶᠣᠯ᠎ᠤᠨ ᠮᠥᠷᠳᠡᠯ᠂ ᠲᠡᠤᠬᠡ ᠰᠣᠶᠣᠯ᠎ᠤᠨ ᠨᠢᠭᠤᠴᠠ ᠵᠢ ᠬᠠᠶ᠋ᠢᠬᠤ᠂ ᠣᠶ ᠰᠢᠭᠤᠶ ᠵᠢᠨ ᠠᠮᠢ ᠠᠬᠤᠶ ᠵᠢᠨ ᠰᠣᠶᠣᠯ᠎ᠢ ᠰᠤᠳᠤᠯᠬᠤ ᠵᠡᠷᠭᠡ ᠵᠢᠭᠤᠯᠴᠢᠯᠠᠯ᠎ᠤᠨ ᠪᠦᠲᠦᠭᠡᠭᠳᠡᠬᠦᠨ᠎ᠢ ᠨᠠᠷᠢᠯᠢᠭ  ᠡᠭᠦᠳᠦᠨ᠎ᠡ᠃ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠢ ᠢᠳᠡᠪᠬᠢᠲᠡᠶ᠎ᠪᠠᠷ ᠬᠥᠭᠵᠢᠭᠦᠯᠵᠦ᠂ ᠵᠡᠷᠭᠡ ᠳᠡᠰ᠎ᠤᠨ ᠵᠢᠭᠤᠯᠴᠢᠯᠠᠯ᠎ᠤᠨ ᠠᠷᠠᠳ᠎ᠤᠨ ᠣᠷᠣᠨ ᠰᠠᠭᠤᠴᠠ᠂ ᠪᠣᠬᠢᠷᠲᠤᠯ ᠥᠬᠡᠶ ᠪᠠᠭᠤᠳᠠᠯ᠎ᠤᠨ ᠲᠠᠰ ᠳᠡᠪᠰᠢᠵᠦ ᠣᠳᠣᠨ ᠨᠡᠮᠡᠬᠦ ᠪᠠ ᠨᠠᠷᠠᠲᠤ ᠲᠥᠷᠥᠯ ᠲᠡᠮᠳᠡᠭᠲᠦ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠶᠡᠬᠡ ᠬᠢᠩᠭ᠋ᠠᠨ ᠳᠠᠪᠠᠭ᠎ᠠ ᠵᠢᠨ ᠬᠤᠪᠢ ᠵᠢᠨ ᠮᠠᠰᠢᠨ ᠲᠡᠷᠭᠡᠨ᠎ᠤ ᠬᠤᠸᠠᠷᠠᠨ᠎ᠤ 4C ᠲᠠᠰ᠎ᠤᠨ ᠬᠤᠸᠠᠷᠠᠨ᠎ᠢ ᠡᠭᠦᠳᠦᠨ ᠪᠠᠶ᠋ᠢᠭᠤᠯᠬᠤ᠂ ᠺᠠᠯᠦᠢ᠍ᠪᠤᠨ᠎ᠤ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠮᠠᠶ᠋ᠢᠬᠠᠨ᠎ᠤ ᠬᠤᠸᠠᠷᠠᠨ᠎ᠤ ᠴᠢᠨᠠᠷ ᠰᠠᠶ᠋ᠢᠲᠠᠶ ᠬᠡᠭᠡᠷ᠎ᠡ ᠪᠠᠭᠤᠳᠠᠯᠯᠠᠬᠤ ᠭᠠᠵᠠᠷ᠎ᠢ ᠡᠭᠦᠳᠦᠨ ᠪᠠᠶ᠋ᠢᠭᠤᠯᠬᠤ ᠵᠢ ᠳᠡᠮᠵᠢᠨ᠎ᠡ᠃ 《ᠠᠷᠪᠠᠨ ᠳᠦᠷᠪᠡᠳᠦᠭᠡᠷ ᠡᠪᠦᠯ᠎ᠤᠨ ᠴᠤᠭᠯᠠᠭ᠋ᠠᠨ》᠎ᠢ ᠠᠰᠢᠭᠯᠠᠨ᠂ ᠳᠤᠮᠳᠠᠳᠤ ᠤᠯᠤᠰ᠎ᠤᠨ ᠬᠦᠢ᠍ᠳᠡᠨ ᠲᠤᠶ᠋ᠢᠯ᠎ᠤᠨ ᠲᠣᠰᠬᠣᠨ᠂ ᠣᠯᠭᠣᠶᠠ ᠦᠵᠡᠮᠵᠢ ᠵᠢᠨ ᠣᠷᠣᠨ᠎ᠤ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂ ᠬᠦᠢ᠍ᠳᠡᠨ ᠲᠤᠶ᠋ᠢᠯ᠎ᠤᠨ ᠮᠥᠰᠥ ᠴᠠᠰᠤᠨ᠎ᠤ ᠤᠯᠠᠷᠢᠯ᠎ᠤᠨ ᠰᠢᠷᠢᠰ ᠠᠵᠢᠯᠯᠠᠭ᠎ᠠ ᠵᠢ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠵᠦ᠂ ᠵᠤᠭ᠋ᠠᠴᠠᠭᠰᠠᠳ᠎ᠤᠨ ᠵᠠᠪᠠᠯ ᠬᠦᠷᠴᠦ ᠵᠠᠪᠠᠯ ᠵᠤᠭ᠋ᠠᠴᠠᠬᠤ ᠡᠪᠦᠯ᠎ᠤᠨ ᠤᠯᠠᠷᠢᠯ᠎ᠤᠨ ᠵᠤᠭ᠋ᠠᠴᠠᠯ᠎ᠤᠨ 《ᠺᠠᠷᠲ ᠴᠣᠬᠢᠬᠤ ᠭᠠᠵᠠᠷ》 ᠪᠤᠯᠭ᠋ᠠᠵᠦ᠂ ᠭᠡᠭᠡᠨ ᠭᠣᠣᠯ᠎ᠤᠨ ᠮᠥᠰᠥ ᠴᠠᠰᠤᠨ᠎ᠤ ᠵᠤᠭ᠋ᠠᠴᠠᠯ᠎ᠤᠨ 《ᠬᠥᠭᠵᠢᠬᠦ》 ᠵᠢ ᠠᠬᠢᠭᠤᠯᠤᠨ᠎ᠠ᠃ ᠰᠣᠶᠣᠯ ᠵᠤᠭ᠋ᠠᠴᠠᠯ᠎ᠤᠨ ᠤᠬᠠᠭᠤᠯᠭ᠎ᠠ ᠲᠠᠨᠢᠯᠴᠠᠭᠤᠯᠭ᠎ᠠ ᠵᠢ ᠴᠢᠩᠭ᠋ᠠᠳᠬᠠᠵᠤ᠂ ᠪᠡᠭᠡᠵᠢᠩ ᠲᠢᠶᠠᠨᠵᠢᠨ ᠡᡁᠸᠪᠸᠢ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠂ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ ᠵᠡᠷᠭᠡ ᠭᠣᠣᠯ ᠠᠶᠠᠨᠴᠢᠳ᠎ᠤᠨ ᠢᠷᠡᠯᠳᠡ ᠵᠢᠨ ᠵᠠᠬ᠎ᠠ ᠳᠡᠯᠭᠡᠭᠦᠷ᠎ᠲᠠᠢ ᠤᠨᠢᠨ ᠳᠡᠭᠡᠷ᠎ᠡ᠎ᠨᠢ ᠵᠣᠯᠭ᠋ᠠᠭᠤᠯᠵᠤ᠂ ᠳᠤᠮᠳᠠ ᠪᠠᠷᠠᠭᠤᠨ ᠣᠷᠣᠨ᠎ᠤ ᠬᠤᠳᠠ ᠵᠢᠨ ᠰᠢᠨ᠎ᠡ ᠠᠶᠠᠨᠴᠢᠳ᠎ᠤᠨ ᠢᠷᠡᠯᠳᠡ ᠵᠢᠨ ᠵᠠᠬ᠎ᠠ ᠳᠡᠯᠭᠡᠭᠦᠷ᠎ᠢ ᠭᠦᠨᠵᠡᠭᠡᠢ ᠠᠭᠤᠳᠠᠯᠵᠤ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠬᠤᠪᠢ ᠵᠢᠨ ᠵᠠᠭᠤᠴᠢᠯᠠᠭᠤᠷ᠎ᠢ ᠨᠡᠶ᠋ᠢᠳᠬᠡᠨ ᠰᠦᠯᠵᠢᠶᠡᠨ᠎ᠤ ᠤᠬᠠᠭᠤᠯᠭ᠎ᠠ ᠵᠢᠨ ᠵᠢᠭᠰᠠᠭ᠋ᠠᠯ᠎ᠢ ᠪᠠᠶ᠋ᠢᠭᠤᠯᠵᠤ᠂ ᠤᠯᠠᠨ ᠲᠠᠯ᠎ᠠ᠎ᠠᠴᠠ᠂ ᠤᠯᠠᠨ ᠠᠷᠭ᠎ᠠ ᠵᠠᠮ ᠵᠶ᠋ᠠᠷ ᠭᠡᠭᠡᠨ ᠭᠣᠣᠯ᠎ᠤᠨ ᠰᠣᠶᠣᠯ  ᠵᠢᠭᠤᠯᠴᠢᠯᠠᠯ᠎ᠤᠨ ᠠᠵᠤ ᠦᠢ᠍ᠯᠡᠰ᠎ᠢ ᠤᠬᠠᠭᠤᠯᠤᠨ᠎ᠠ᠃
    ᠲᠠᠷᠢᠶᠠᠯᠠᠩ ᠮᠠᠯ ᠠᠵᠤ ᠠᠬᠤᠶ ᠵᠢᠨ ᠨᠡᠮᠡᠭᠳᠡᠯ᠎ᠤᠨ ᠬᠡᠮᠵᠢᠶ᠎ᠡ ᠪᠠ ᠶᠠᠰᠤ ᠴᠢᠨᠠᠷ᠎ᠢ ᠨᠡᠮᠡᠭᠳᠡᠭᠦᠯᠦᠨ ᠣᠶ ᠰᠢᠭᠤᠶ᠎ᠠᠴᠠ ᠢᠳᠡᠭᠡᠨ ᠠᠪᠬᠤ ᠵᠢ ᠪᠠᠷᠢᠮᠲᠠᠯᠠᠵᠤ᠂ ᠣᠶ ᠵᠢᠮᠢᠰ᠂ ᠣᠶ ᠮᠣᠳᠣᠨ᠎ᠤ ᠪᠠᠺᠲ᠋ᠧᠷᠢ᠂ ᠣᠶ ᠨᠣᠭᠣᠭ᠎ᠠ᠂ ᠣᠶ ᠡᠮ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠲᠣᠮᠣ ᠢᠳᠡᠭᠡᠨ᠎ᠢ ᠦᠢ᠍ᠯᠡᠳᠦᠯᠭᠡᠵᠢᠭᠦᠯᠬᠦ᠎ᠳᠤ ᠤᠷᠢᠳᠠᠪᠠᠷ ᠬᠡᠷᠡᠭᠵᠢᠭᠦᠯᠬᠦ ᠭᠠᠵᠠᠷ᠎ᠢ ᠪᠣᠶ ᠪᠣᠯᠭ᠋ᠠᠨ᠎ᠠ᠃ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠰᠠᠶ᠋ᠢᠲᠤᠷ ᠠᠳᠬᠤᠵᠤ᠂ ᠳᠡᠭᠡᠳᠦ ᠱᠠᠲᠤᠨ᠎ᠠᠴᠠ ᠪᠠᠭᠤᠯᠭ᠋ᠠᠭᠰᠠᠨ ᠲᠡᠷᠢᠬᠤ ᠡᠭᠦᠷᠭᠡ ᠵᠢ ᠪᠡᠶᠡᠯᠡᠭᠦᠯᠦᠨ᠎ᠡ᠃ ᠬᠦᠷᠢᠶᠡᠨ᠎ᠤ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠬᠠᠷ᠎ᠠ ᠳᠡᠯᠳᠡᠦ᠂ ᠪᠢᠯᠢᠭᠲᠦ ᠳᠡᠯᠳᠡᠦ᠂ ᠬᠥᠬᠡ ᠬᠦᠵᠡᠯᠵᠡᠭᠡᠨ᠎ᠡ᠂ ᠴᠠᠨ᠎ᠠ ᠵᠡᠷᠭᠡ ᠤᠨᠴᠠᠯᠢᠬᠳᠤ ᠣᠶ ᠰᠢᠭᠤᠶ ᠵᠢᠨ ᠪᠦᠲᠦᠭᠡᠭᠳᠡᠬᠦᠨ᠎ᠤ ᠳᠠᠷᠢᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠨ᠎ᠡ᠃ ᠬᠥᠯᠥᠨ ᠪᠣᠶ᠋ᠢᠷ ᠬᠣᠲᠠ ᠵᠢᠨ 《ᠵᠠᠭᠤᠨ ᠬᠦᠷᠢᠶᠡᠯᠡᠩ》 ᠭᠡᠭᠡᠨ ᠭᠣᠤᠯ᠎ᠢ ᠡᠭᠦᠳᠦᠨ  ᠪᠦᠲᠦᠭᠡᠬᠦ ᠠᠵᠢᠯᠯᠠᠭ᠎ᠠ ᠵᠢ ᠥᠷᠨᠢᠭᠦᠯᠵᠦ᠂ ᠪᠢᠯᠢᠭᠲᠦ ᠳᠡᠯᠳᠡᠦ ᠵᠢᠨ ᠲᠠᠷᠢᠮᠠᠯ ᠪᠠ ᠬᠦᠢ᠍ᠲᠡᠨ ᠤᠰᠤᠨ᠎ᠤ ᠵᠢᠭ᠋ᠠᠰᠤᠨ᠎ᠤ ᠤᠨᠴᠠᠯᠢᠭᠳᠤ ᠲᠡᠵᠢᠭᠡᠨ ᠦᠷᠡᠵᠢᠭᠦᠯᠦᠯᠲᠡ ᠵᠢᠨ  ᠬᠥᠭᠵᠢᠯᠲᠡ ᠵᠢ ᠠᠬᠢᠭᠤᠯᠤᠨ᠎ᠠ᠃ ᠠᠮᠢᠲᠠᠨ᠎ᠤ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠤᠯᠤᠰ᠎ᠤᠨ  ᠤᠯᠭᠤᠶᠠ ᠵᠢᠨ ᠴᠠ ᠪᠤᠭᠤ ᠵᠢᠨ ᠡᠭᠦᠯᠳᠡᠷ ᠬᠠᠮᠠᠭ᠋ᠠᠯᠠᠬᠤ ᠲᠠᠯᠠᠪᠠᠶ ᠵᠢᠨ ᠪᠥᠲᠥᠭᠡᠨ ᠪᠠᠶ᠋ᠢᠭᠤᠯᠤᠯᠲᠠ ᠵᠢ ᠰᠠᠶ᠋ᠢᠲᠤᠷ ᠬᠢᠵᠦ᠂ ᠴᠠ ᠪᠤᠭᠤ ᠵᠢᠨ ᠳᠦᠷᠰᠦ ᠵᠢᠨ ᠰᠦᠷᠦᠭ᠎ᠤᠨ ᠬᠡᠪᠴᠢᠶ᠎ᠡ ᠵᠢ ᠥᠷᠭᠡᠳᠬᠡᠨ᠎ᠡ᠃
    ᠠᠮᠢ ᠠᠬᠤᠶ ᠵᠢᠨ ᠠᠵᠤ ᠦᠢ᠍ᠯᠡᠰ᠎ᠤᠨ ᠴᠠᠭ᠎ᠤᠨ ᠪᠠᠶ᠋ᠢᠳᠠᠯ᠎ᠢ ᠠᠮᠵᠢᠨ ᠬᠥᠭᠵᠢᠬᠦ ᠵᠢ ᠭᠦᠨᠵᠡᠭᠡᠶ ᠲᠦᠯᠬᠢᠨ ᠠᠬᠢᠭᠤᠯᠤᠨ᠎ᠠ᠃ ᠪᠢᠯᠢᠭᠲᠦ ᠳᠡᠯᠳᠡᠦ᠂ ᠬᠠᠷ᠎ᠠ ᠳᠡᠯᠳᠡᠦ᠂ ᠬᠥᠬᠡ ᠬᠦᠵᠡᠯᠵᠡᠭᠡᠨ᠎ᠡ᠂ ᠠᠭᠤᠷᠬᠠᠶ ᠵᠢᠨ ᠪᠤᠯᠠᠭ᠎ᠤᠨ ᠤᠰᠤ ᠵᠡᠷᠭᠡ ᠠᠮᠢ ᠠᠬᠤᠶ ᠵᠢᠨ ᠪᠦᠲᠦᠭᠡᠭᠳᠡᠬᠦᠨ᠎ᠤ ᠲᠣᠭᠣᠷᠢᠨ᠎ᠳᠤ ᠣᠶ ᠵᠢᠨ ᠬᠣᠷᠮᠣᠶ ᠵᠢᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠲᠥᠷᠥᠯ ᠵᠦᠢ᠍ᠯ᠎ᠢ ᠲᠥᠯᠥᠪᠯᠡᠨ᠎ᠡ᠃ ᠬᠣᠩ ᠶᠤᠸᠠᠨ ᠺᠣᠮᠫᠠᠨᠢ᠎ᠪᠠᠷ ᠬᠥᠲᠥᠴᠢ ᠪᠣᠯᠭ᠋ᠠᠨ ᠠᠭᠤᠷᠬᠠᠶ (ᠠᠭᠤᠯᠠ) ᠵᠢᠨ ᠪᠤᠯᠠᠭ᠎ᠤᠨ ᠤᠰᠤ ᠡᠳ᠋ᠰᠢᠭᠦᠯᠬᠦ ᠦᠢ᠍ᠯᠡᠰ᠎ᠢ ᠬᠥᠭᠵᠢᠭᠦᠯᠵᠦ᠂ ᠯᠢᠨ ᠬᠠᠶ ᠶᠤᠸᠠᠨ᠂ ᠰᠧᠨ ᡁᠢ ᠪᠦᠦ ᠠᠵᠤ ᠠᠬᠤᠶ᠋ᠢᠯᠠᠯ ᠵᠶ᠋ᠠᠷ ᠬᠡᠪ ᠳᠠᠭᠤᠷᠢᠶᠠᠯ ᠪᠣᠯᠭ᠋ᠠᠨ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠦᠶᠯᠡᠰ᠎ᠢ ᠬᠥᠭᠵᠢᠭᠦᠯᠵᠦ᠂ ᠠᠮᠢ ᠠᠬᠤᠶ ᠵᠢᠨ ᠢᠳᠡᠭᠡᠨ᠎ᠤ ᠠᠵᠤ ᠦᠢ᠍ᠯᠡᠰ᠎ᠤᠨ ᠬᠦᠴᠦᠷᠬᠡᠭ ᠰᠠᠭᠤᠷᠢᠨ ᠭᠠᠵᠠᠷ᠂ ᠬᠥᠲᠥᠴᠢ ᠪᠣᠶ᠋ᠢᠵᠢᠭᠤᠯᠬᠤ᠂ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠵᠢ ᠳᠥᠯᠭᠢᠨ ᠠᠬᠢᠭᠤᠯᠵᠤ᠂ ᠰᠠᠶ᠋ᠢᠨ  ᠦᠢ᠍ᠯᠡᠳᠭᠦᠨ᠎ᠢ ᠰᠠᠶ᠋ᠢᠨ ᠦᠨ᠎ᠡ᠎ᠪᠠᠷ ᠬᠤᠳᠠᠯᠳᠤᠨ ᠭᠠᠷᠭ᠋ᠠᠨ᠎ᠠ᠃
    ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠡᠷᠴᠢᠮᠯᠢᠭ ᠲᠥᠪᠯᠡᠷᠡᠨ ᠬᠥᠭᠵᠢᠬᠦ ᠵᠢ ᠭᠦᠨᠵᠡᠭᠡᠶ ᠲᠦᠯᠬᠢᠨ ᠠᠬᠢᠭᠤᠯᠤᠨ᠎ᠠ᠃ ᠮᠥᠰᠥ ᠴᠠᠰᠤᠨ᠎ᠤ ᠠᠵᠤ ᠠᠬᠤᠢ ᠵᠢ ᠪᠣᠶ᠋ᠢᠵᠢᠭᠤᠯᠵᠤ᠂ ᠬᠦᠢ᠍ᠳᠡᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠮᠥᠰᠥ ᠴᠠᠰᠤᠨ᠎ᠤ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ ᠵᠢ  ᠤᠷᠲᠤᠳᠬᠠᠵᠤ᠂ ᠦᠢ᠍ᠯᠡᠴᠢᠯᠡᠭᠡᠨ᠎ᠤ ᠬᠡᠯᠬᠢᠶ᠎ᠡ ᠵᠢ ᠰᠢᠯᠢᠳᠡᠭᠵᠢᠭᠦᠯᠵᠦ᠂ ᠦᠷᠳᠡᠭ᠎ᠤᠨ ᠬᠡᠯᠬᠢᠶ᠎ᠡ ᠵᠢ ᠳᠡᠭᠡᠭᠰᠢᠯᠡᠭᠦᠯᠵᠦ᠂ ᠮᠥᠰᠥ ᠴᠠᠰᠤᠨ᠎ᠳᠤ ᠬᠤᠴᠢᠭᠳᠠᠭᠰᠠᠨ ᠭᠠᠵᠠᠷ᠎ᠢ ᠴᠢᠷᠮᠠᠶ᠋ᠢᠨ ᠴᠣᠭᠴᠠᠯᠠᠬᠤ᠎ᠨᠢ ᠮᠥᠨᠴᠦ ᠠᠯᠳᠠ ᠮᠥᠩᠭᠥᠨ ᠠᠭᠤᠯᠠ ᠵᠢᠨ ᠦᠢ᠍ᠯᠡᠳᠦᠯᠭᠡ ᠵᠢᠨ ᠭᠠᠵᠠᠷ ᠪᠣᠯᠤᠨ᠎ᠠ᠃ ᠭᠡᠭᠡᠨ ᠭᠣᠣᠯ᠎ᠤᠨ ᠲᠣᠭ᠎ᠠ ᠪᠠᠷᠢᠮᠲᠠ ᠵᠢᠨ ᠲᠥᠪ ᠬᠢᠭᠡᠳ ᠠᠷᠢᠭᠤᠨ ᠴᠡᠪᠡᠷ ᠢᠯᠴᠢ ᠬᠠᠩᠭ᠋ᠠᠬᠤ ᠵᠢ ᠨᠢᠭᠡ ᠴᠤᠭᠴᠠᠵᠢᠭᠤᠯᠬᠤ ᠲᠦᠷᠦᠯ ᠵᠦᠢ᠍ᠯ᠎ᠢ ᠲᠦᠯᠬᠢᠨ ᠠᠬᠢᠭᠤᠯᠤᠨ᠎ᠠ᠃ 《ᠡᠪᠦᠯ᠎ᠤᠨ ᠤᠯᠠᠷᠢᠯ᠎ᠤᠨ ᠵᠢᠭᠤᠯᠴᠢᠯᠠᠯ + ᠪᠡᠶ᠎ᠡ ᠵᠢᠨ ᠲᠠᠮᠢᠷ》᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠤᠷᠤᠯᠳᠤᠭ᠋ᠠᠨ᠎ᠢ ᠠᠳᠬᠤᠬᠤ᠂ ᠦᠵᠡᠮᠵᠢ ᠪᠦᠲᠦᠭᠡᠬᠦ᠂ ᠨᠠᠷᠠᠲᠤ ᠲᠡᠮᠳᠡᠭᠲᠦ ᠵᠢ ᠡᠭᠦᠳᠬᠦ᠂  ᠬᠦᠢ᠍ᠲᠡᠨ ᠲᠤᠶ᠋ᠢᠯ᠎ᠤᠨ ᠮᠠᠷᠠᠰᠤᠨ ᠤᠷᠤᠯᠳᠤᠭ᠋ᠠᠨ ᠵᠡᠷᠭᠡ ᠰᠢᠷᠢᠰ ᠠᠵᠢᠯᠯᠠᠭ᠎ᠠ ᠵᠢ ᠰᠠᠶ᠋ᠢᠲᠤᠷ ᠡᠷᠭᠢᠯᠡᠨ᠎ᠡ᠃ ᠳᠣᠤᠷ᠎ᠠ ᠠᠭ᠋ᠠᠷ᠎ᠤᠨ ᠠᠵᠤ ᠠᠬᠤᠶ ᠵᠢ ᠬᠥᠭᠵᠢᠭᠦᠯᠵᠦ᠂ ᠳᠤᠮᠳᠠᠳᠤ ᠤᠯᠤᠰ᠎ᠤᠨ ᠡᠭᠴᠡ ᠨᠢᠰᠬᠡᠯ᠎ᠤᠨ ᠵᠢᠷᠤᠭ ᠲᠥᠯᠥᠪᠯᠡᠭᠡ ᠵᠢᠨ ᠰᠤᠳᠤᠯᠭ᠋ᠠᠨ᠎ᠤ ᠭᠠᠵᠠᠷ᠂ ᠰᠢ ᠠᠨ᠎ᠤ ᠲᠤᠷᠰᠢᠨ ᠨᠢᠰᠬᠦ ᠬᠦᠷᠢᠶᠡᠯᠡᠩ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ  ᠨᠢᠭᠡᠴᠢ᠎ᠯᠦᠭᠡ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠥᠨᠳᠥᠷ ᠬᠦᠢ᠍ᠲᠡᠨ᠎ᠢ ᠰᠢᠯᠭ᠋ᠠᠨ ᠬᠡᠮᠵᠢᠬᠦ ᠪᠠᠲᠤᠯᠠᠭ᠎ᠠ ᠵᠢᠨ ᠦᠢ᠍ᠯᠡᠴᠢᠯᠡᠭᠡ ᠵᠢ ᠰᠠᠶ᠋ᠢᠲᠤᠷ ᠬᠢᠵᠦ᠂ ᠨᠠᠩ ᠣᠯᠠᠨ ᠬᠡᠯᠪᠡᠷᠢ ᠮᠠᠶᠢᠭ᠎ᠤᠨ ᠨᠢᠰᠦᠭᠦᠷ᠎ᠤᠨ ᠥᠨᠳᠥᠷ ᠬᠦᠢ᠍ᠲᠡᠨ᠎ᠢ ᠰᠢᠯᠭ᠋ᠠᠨ ᠬᠡᠮᠵᠢᠬᠦ ᠠᠵᠢᠯ᠎ᠢ ᠥᠷᠨᠢᠭᠦᠯᠵᠦ᠂ ᠥᠨᠳᠥᠷ ᠬᠦᠢ᠍ᠲᠡᠨ᠎ᠤ ᠠᠭ᠋ᠠᠷ᠎ᠤᠨ ᠨᠢᠰᠦᠭᠦᠷ᠎ᠢ ᠰᠢᠯᠭ᠋ᠠᠨ ᠬᠡᠮᠵᠢᠬᠦ ᠰᠠᠭᠤᠷᠢᠨ ᠭᠠᠵᠠᠷ᠎ᠢ ᠪᠥᠬᠥ ᠬᠦᠴᠦᠨ ᠵᠶ᠋ᠠᠷ ᠵᠶ᠋ᠠᠨ ᠪᠠᠶ᠋ᠢᠭᠤᠯᠤᠨ᠎ᠠ᠃
    ᠤᠯᠠᠮᠵᠢᠯᠠᠯᠲᠤ ᠠᠵᠤ ᠦᠢ᠍ᠯᠡᠰ᠎ᠤᠨ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠬᠥᠭᠵᠢᠯᠲᠡ ᠵᠢ ᠭᠦᠨᠵᠡᠭᠡᠶ ᠲᠦᠯᠬᠢᠨ ᠠᠬᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠠᠭᠤᠷᠬᠠᠶ ᠵᠢᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠳᠡᠮᠵᠢᠵᠦ᠂  ᠰᠧᠨ ᠰᠢᠨ ᠠᠭᠤᠷᠬᠠᠶ ᠵᠢᠨ ᠦᠢ᠍ᠯᠡᠰ᠎ᠢ ᠪᠣᠶ᠋ᠢᠵᠢᠭᠤᠯᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠪᠣᠯᠭ᠋ᠠᠵᠤ᠂ ᠱᠠᠨ ᠵᠢᠨ ᠠᠭᠤᠷᠬᠠᠶ ᠵᠢᠨ ᠦᠢ᠍ᠯᠡᠰ ᠬᠢᠭᠡᠳ ᠪᠢᠯᠢᠶ᠎ᠠ ᠵᠢᠨ ᠠᠭᠤᠷᠬᠠᠶ ᠵᠢᠨ ᠦᠢ᠍ᠯᠡᠰ᠎ᠤᠨ ᠭᠦᠨᠵᠡᠭᠡᠶ ᠬᠠᠮᠲᠤᠷᠠᠯᠴᠠᠭ᠎ᠠ ᠵᠢ ᠠᠬᠢᠭᠤᠯᠤᠨ᠎ᠠ᠃ ᠣᠶ ᠮᠣᠳᠣ ᠡᠳ᠋ᠰᠢᠭᠦᠯᠬᠦ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠵᠤ᠂  ᠭᠧᠨ ᠯᠢᠨ ᠮᠣᠳᠣᠨ᠎ᠤ ᠦᠢ᠍ᠯᠡᠰ᠂ ᠮᠢᠨ ᠠᠨ ᠮᠣᠳᠣᠨ᠎ᠤ ᠦᠢ᠍ᠯᠡᠰ ᠵᠡᠷᠭᠡ ᠠᠵᠤ ᠠᠬᠤᠶ᠋ᠢᠯᠠᠯ᠎ᠤᠨ ᠮᠡᠷᠭᠡᠵᠢᠯ᠎ᠤᠨ ᠥᠭᠡᠷᠡᠴᠢᠯᠡᠯᠲᠡ ᠵᠢ ᠳᠡᠮᠵᠢᠵᠦ᠂ ᠡᠬᠢ ᠪᠠᠶᠠᠯᠢᠭ᠎ᠢ ᠡᠷᠴᠢᠮᠵᠢᠭᠦᠯᠦᠨ ᠠᠰᠢᠭᠯᠠᠬᠤ ᠵᠢ ᠴᠢᠩᠭ᠋ᠠᠳᠬᠠᠨ᠂ ᠪᠦᠲᠦᠭᠡᠭᠳᠡᠬᠦᠨ᠎ᠤ ᠲᠠᠰ ᠳᠡᠪᠰᠢᠬᠦ ᠵᠢ ᠠᠬᠢᠭᠤᠯᠵᠤ᠂ ᠣᠶ ᠮᠣᠳᠣ ᠡᠳ᠋ᠰᠢᠭᠦᠯᠬᠦ ᠦᠢ᠍ᠯᠡᠰ᠎ᠤᠨ ᠳᠡᠭᠡᠳᠦ ᠦᠵᠦᠭᠦᠷᠴᠢᠯᠡᠬᠦ᠂ ᠤᠶᠤᠨᠴᠢᠯᠠᠬᠤ᠂ ᠰᠢᠯᠢᠳᠡᠭᠵᠢᠭᠦᠯᠬᠦ ᠳᠠᠰᠢ ᠭᠦᠨᠵᠡᠭᠡᠶ᠋ᠢᠷᠡᠬᠦ ᠵᠢ ᠠᠬᠢᠭᠤᠯᠤᠨ᠎ᠠ᠃
    (ᠭᠤᠷᠪᠠ) ᠭᠣᠤᠯᠳᠠᠯᠭ᠎ᠠ᠎ᠲᠠᠢ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦ᠎ᠪᠠᠨ ᠲᠥᠪᠯᠡᠷᠡᠭᠦᠯᠵᠦ᠂ ᠴᠢᠨᠠᠷ ᠰᠠᠶ᠋ᠢᠲᠠᠶ ᠥᠨᠳᠥᠷ ᠦᠷ᠎ᠡ ᠪᠦᠲᠦᠮᠵᠢᠲᠡᠶ ᠬᠥᠭᠵᠢᠯᠲᠡ ᠵᠢᠨ ᠬᠥᠳᠡᠯᠭᠡᠬᠦ ᠬᠦᠴᠦᠨ᠎ᠢ ᠵᠤᠵᠠᠭ᠋ᠠᠳᠬᠠᠨ᠎ᠠ᠃ 《ᠲᠦᠷᠦᠯ ᠵᠦᠢ᠍ᠯ ᠵᠶ᠋ᠠᠷ ᠭᠣᠣᠯ ᠪᠣᠯᠭ᠋ᠠᠬᠤ》 ᠵᠢ ᠭᠤᠶ᠋ᠢᠪᠢᠰᠢ ᠦᠭᠡᠢ ᠪᠠᠷᠢᠮᠲᠠᠯᠠᠵᠤ᠂ ᠨᠢᠭᠡ ᠪᠦᠯᠦᠭ ᠬᠥᠳᠡᠯᠭᠡᠬᠦ ᠬᠦᠴᠦᠨ ᠵᠶ᠋ᠠᠷ ᠴᠢᠩᠭ᠎ᠠ ᠲᠤᠮᠤ ᠲᠦᠷᠦᠯ ᠵᠦᠢ᠍ᠯ᠎ᠢ ᠬᠦᠴᠦᠯᠡᠨ ᠣᠷᠣᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠨ᠎ᠡ᠃
    ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠶ᠎ᠪᠠᠷ ᠲᠦᠷᠦᠯ ᠵᠦᠢ᠍ᠯ᠎ᠢ ᠲᠥᠯᠥᠪᠵᠢᠭᠦᠯᠦᠨ᠎ᠡ᠃ ᠲᠥᠷᠥ ᠵᠢᠨ ᠪᠣᠳᠣᠯᠭ᠎ᠠ ᠵᠢᠨ ᠠᠵᠠ ᠲᠣᠬᠢᠶᠠᠯ᠎ᠢ ᠰᠠᠶ᠋ᠢᠲᠤᠷ ᠠᠰᠢᠭᠯᠠᠵᠤ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ 《ᠰᠠᠨᠠᠯ》᠎ᠢ ᠭᠦᠨᠵᠡᠭᠡᠶ ᠰᠤᠳᠤᠯᠤᠨ ᠨᠡᠪᠲᠡᠷᠡᠲᠡᠯ᠎ᠡ ᠣᠶ᠋ᠢᠯᠠᠭ᠋ᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠴᠢᠩᠭ᠎ᠠ ᠳᠠᠭ᠋ᠠᠵᠤ᠂ ᠲᠥᠪ᠎ᠤᠨ ᠲᠥᠰᠦᠪ᠎ᠤᠨ ᠳᠣᠲᠣᠷᠠᠬᠢ ᠪᠡᠯᠡ ᠮᠥᠩᠭᠥ᠂ ᠲᠤᠰᠬᠠᠶ ᠵᠦᠢ᠍ᠯ᠎ᠤᠨ ᠥᠷᠢ ᠥᠭᠴᠡᠭᠡ᠂ ᠡᠩ᠎ᠤᠨ ᠥᠷᠢ ᠥᠭᠴᠡᠭᠡ ᠵᠢᠨ ᠭᠣᠣᠯᠳᠠᠯᠭ᠎ᠠ᠎ᠲᠠᠢ ᠳᠡᠮᠵᠢᠬᠦ ᠠᠵᠢᠯ ᠲᠥᠷᠥᠯ᠎ᠤᠨ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂ ᠨᠢᠭᠡ ᠪᠦᠯᠦᠭ ᠤᠰᠤᠨ ᠠᠰᠢᠭᠯᠠᠯᠲᠠ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ ᠢᠯᠴᠢ ᠬᠠᠩᠭ᠋ᠠᠬᠤ ᠪᠡᠯᠡᠳᠬᠡᠮᠵᠢ ᠵᠡᠷᠭᠡ᠎ᠳᠤ ᠰᠠᠭᠤᠷᠢ ᠲᠠᠯᠪᠢᠬᠤ᠂ ᠣᠳᠣᠬᠠᠨ᠎ᠳᠤ ᠠᠰᠢᠭ ᠬᠦᠷᠲᠡᠭᠡᠬᠦ᠂ ᠠᠯᠤᠰ ᠬᠡᠲᠦ᠎ᠳᠤ ᠠᠰᠢᠭᠲᠠᠶ ᠠᠵᠤ ᠦᠢ᠍ᠯᠡᠰ᠎ᠤᠨ ᠬᠥᠭᠵᠢᠯᠲᠡ ᠪᠠ ᠰᠠᠭᠤᠷᠢ ᠲᠦᠬᠦᠭᠡᠷᠦᠮᠵᠢ ᠵᠢᠨ ᠲᠥᠷᠥᠯ ᠵᠦᠢ᠍ᠯ᠎ᠢ ᠰᠦᠪᠡᠭᠴᠢᠯᠡᠵᠦ᠂ ᠨᠢᠭᠡ ᠪᠦᠯᠦᠭ ᠰᠤᠷᠭ᠋ᠠᠨ ᠬᠥᠮᠦᠵᠢᠯ᠂ ᠡᠮᠴᠢᠯᠡᠭᠡ ᠵᠡᠷᠭᠡ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠲᠥᠷᠥᠯ ᠵᠦᠢ᠍ᠯ᠎ᠢ ᠨᠡᠪᠲᠡᠷᠡᠯᠴᠡᠨ ᠵᠣᠯᠭ᠋ᠠᠭᠤᠯᠵᠤ᠂ 《ᠨᠢᠭᠡ ᠪᠦᠯᠦᠭ᠎ᠢ ᠠᠵᠢᠯ ᠡᠬᠢᠯᠡᠭᠦᠯᠦᠨ᠂ ᠨᠢᠭᠡ ᠪᠦᠯᠦᠭ᠎ᠢ ᠪᠠᠶ᠋ᠢᠭᠤᠯᠵᠤ᠂ ᠨᠢᠭᠡ ᠪᠦᠯᠦᠭ᠎ᠢ ᠪᠡᠯᠡᠳᠭᠡᠬᠦ》 ᠱᠠᠲᠤᠯᠠᠨ ᠠᠬᠢᠭᠤᠯᠬᠤ ᠪᠠᠶ᠋ᠢᠷᠢᠰᠢᠯ᠎ᠢ ᠪᠣᠶ ᠪᠣᠯᠭ᠋ᠠᠨ᠎ᠠ᠃
    ᠨᠢᠭᠡᠲᠦᠯᠲᠡᠢ ᠲᠦᠯᠦᠪᠯᠡᠵᠦ ᠲᠦᠷᠦᠯ ᠵᠦᠢ᠍ᠯ᠎ᠢ ᠪᠦᠲᠦᠭᠡᠨ ᠪᠠᠢ᠌ᠭᠤᠯᠤᠨ᠎ᠠ᠃ ᠨᠢᠭᠡᠳᠦᠯᠲᠡᠶ ᠪᠥᠬᠥ ᠵᠢᠯ᠎ᠳᠤ ᠬᠥᠯᠥᠨ ᠪᠣᠶ᠋ᠢᠷ ᠬᠣᠲᠠ ᠵᠢᠨ ᠲᠠᠰ᠎ᠤᠨ ᠭᠣᠤᠯᠳᠠᠯᠭ᠎ᠠ᠎ᠲᠠᠢ ᠲᠥᠷᠥᠯ ᠵᠦᠢ᠍ᠯ᠎ᠢ 20  ᠬᠡᠷᠡᠭᠵᠢᠭᠦᠯᠵᠦ᠂ ᠬᠣᠲᠠ ᠵᠢᠨ ᠲᠣᠰ ᠱᠠᠲᠤᠨ᠎ᠤ ᠭᠣᠤᠯᠳᠠᠯᠭ᠎ᠠ᠎ᠲᠠᠢ ᠲᠥᠷᠥᠯ ᠵᠦᠢ᠍ᠯ᠎ᠢ 15 ᠬᠡᠷᠡᠭᠵᠢᠭᠦᠯᠵᠦ᠂ ᠵᠢᠯ᠎ᠤᠨ ᠲᠥᠯᠥᠪᠯᠡᠭᠡ᠎ᠪᠠᠷ 7.07 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠵᠤ᠂ 16%᠎ᠪᠠᠷ ᠨᠡᠮᠡᠭᠳᠡᠭᠦᠯᠦᠨ᠎ᠡ᠃ 《ᠵᠢᠷᠭᠤᠭ᠋ᠠᠨ ᠨᠢᠭᠡ》 ᠵᠢᠨ ᠠᠵᠢᠯ᠎ᠤᠨ ᠲᠣᠭᠲᠠᠴᠠ ᠵᠢ ᠴᠢᠩᠭ᠎ᠠ ᠬᠡᠷᠡᠭᠵᠢᠭᠦᠯᠵᠦ᠂ 《ᠴᠢᠬᠤᠯᠠ  ᠵᠦᠢ᠍ᠯ᠎ᠨᠢ ᠲᠥᠷᠥᠯ ᠵᠦᠢ᠍ᠯ᠎ᠢ ᠳᠠᠭ᠋ᠠᠵᠤ ᠲᠤᠬᠢᠷᠠᠭᠤᠯᠬᠤ᠂ ᠡᠬᠢ ᠪᠠᠶᠠᠯᠢᠭ᠎ᠨᠢ ᠲᠥᠷᠥᠯ ᠵᠦᠢ᠍ᠯ᠎ᠢ ᠳᠠᠭ᠋ᠠᠵᠤ ᠳᠣᠭᠢᠷᠠᠭᠤᠯᠬᠤ》 ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠂ 《ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠵᠦ᠂ ᠲᠥᠷᠥᠯ ᠵᠦᠢ᠍ᠯ᠎ᠤᠨ ᠲᠥᠷᠥᠯ ᠵᠦᠢ᠍ᠯ ᠲᠣᠭᠲᠠᠭ᠋ᠠᠬᠤ᠂ ᠭᠠᠵᠠᠷ ᠰᠣᠩᠭᠣᠬᠤ᠂ ᠭᠠᠵᠠᠷ ᠬᠡᠷᠡᠭᠯᠡᠬᠦ ᠵᠡᠷᠭᠡ ᠠᠵᠢᠯ᠎ᠢ ᠴᠢᠩᠭ᠎ᠠ ᠠᠩᠬᠠᠷᠴᠤ᠂ ᠠᠵᠢᠯ᠎ᠤᠨ ᠬᠤᠭᠤᠴᠠᠭ᠎ᠠ ᠵᠢ ᠲᠣᠩᠭᠣᠷᠠᠭᠤᠯᠤᠨ ᠵᠢᠭᠰᠠᠭ᠋ᠠᠵᠤ᠂ ᠵᠢᠷᠤᠭ ᠡᠯᠭᠦᠵᠦ ᠪᠠᠶ᠋ᠢᠯᠳᠤᠨ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠬᠤᠷᠳᠤᠴᠠ ᠵᠢ ᠲᠦᠷᠭᠡᠳᠬᠡᠵᠦ᠂ ᠪᠥᠬᠥ ᠵᠢᠯ᠎ᠤᠨ ᠠᠵᠢᠯ ᠡᠬᠢᠯᠡᠭᠦᠯᠬᠦ ᠪᠠ ᠠᠵᠢᠯ ᠰᠡᠷᠭᠦᠭᠡᠬᠦ ᠨᠣᠷᠮ᠎ᠠ᠂ ᠪᠠᠯᠠ ᠣᠷᠣᠭᠤᠯᠤᠯᠲᠠ ᠵᠢᠨ ᠪᠡᠶᠡᠯᠡᠭᠦᠯᠦᠭᠰᠡᠨ ᠨᠣᠷᠮ᠎ᠠ ᠵᠢ 100%᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃
    ᠶᠠᠰᠤ ᠴᠢᠨᠠᠷ᠎ᠢ ᠴᠢᠬᠤᠯᠠᠴᠢᠯᠠᠵᠤ ᠲᠥᠷᠥᠯ ᠵᠦᠢ᠍ᠯ᠎ᠢ ᠤᠷᠢᠨ᠎ᠠ᠃ ᠬᠤᠳᠠᠯᠳᠤᠭ᠋ᠠᠴᠢᠨ ᠤᠷᠢᠬᠤ ᠢᠯᠠ ᠲᠣᠳᠣ ᠤᠳᠤᠷᠢᠳᠤᠮᠵᠢ ᠵᠢ ᠪᠠᠲᠤ ᠪᠡᠬᠢ ᠴᠢᠩᠭ᠎ᠠ ᠠᠳᠬᠤᠵᠤ᠂ 《ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ᠎ᠤᠨ ᠠᠵᠢᠯᠯᠠᠭ᠎ᠠ》᠂ 《ᠭᠡᠭᠡᠨ ᠭᠤᠤᠯ᠎ᠢ ᠡᠷᠢᠬᠦ ᠠᠶᠠᠯᠠᠯ · ᠡᠷᠬᠢᠮ ᠲᠠᠨ᠎ᠤ ᠨᠤᠲᠤᠭ᠎ᠲᠠᠭᠠᠨ ᠬᠠᠷᠢᠬᠤ ᠵᠢ ᠬᠦᠰᠡᠬᠦ》 ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠎ᠡ᠃ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠬᠤᠳᠠᠯᠳᠤᠭ᠋ᠠᠴᠢᠨ ᠵᠶ᠋ᠠᠷ ᠬᠤᠳᠠᠯᠳᠤᠭ᠋ᠠᠴᠢᠨ ᠤᠷᠢᠬᠤ᠂ ᠠᠵᠤ ᠠᠬᠤᠶ᠋ᠢᠯᠠᠯ ᠵᠶ᠋ᠠᠷ ᠠᠵᠤ ᠠᠬᠤᠶ᠋ᠢᠯᠠᠯ᠎ᠢ ᠲᠠᠲᠠᠬᠤ᠂ ᠬᠠᠨᠳᠤᠯᠭ᠎ᠠ᠎ᠲᠠᠢ᠎ᠪᠠᠷ ᠬᠤᠳᠠᠯᠳᠤᠭ᠋ᠠᠴᠢᠨ ᠤᠷᠢᠬᠤ᠂ ᠲᠠᠪᠴᠠᠩ ᠵᠶ᠋ᠠᠷ ᠬᠤᠳᠠᠯᠳᠤᠭ᠋ᠠᠴᠢᠨ ᠤᠷᠢᠬᠤ᠂ ᠠᠵᠤ ᠦᠢ᠍ᠯᠡᠰ᠎ᠤᠨ ᠬᠡᠯᠬᠢᠶ᠎ᠡ᠎ᠪᠠᠷ ᠬᠤᠳᠠᠯᠳᠤᠭ᠋ᠠᠴᠢᠨ ᠤᠷᠢᠬᠤ ᠵᠡᠷᠭᠡ ᠠᠷᠭ᠎ᠠ ᠬᠡᠯᠪᠡᠷᠢ ᠵᠢ ᠠᠮᠢᠳᠤᠯᠢᠭ ᠵᠶ᠋ᠠᠷ ᠰᠠᠶ᠋ᠢᠲᠤᠷ ᠬᠡᠷᠡᠭᠯᠡᠨ᠂ ᠭᠠᠳᠠᠭᠰᠢ ᠭᠠᠷᠴᠤ ᠬᠤᠳᠠᠯᠳᠤᠭ᠋ᠠᠴᠢᠨ ᠤᠷᠢᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ ᠵᠡᠷᠭᠡᠪᠡᠷ ᠬᠤᠳᠠᠯᠳᠤᠭ᠋ᠠᠴᠢᠨ ᠤᠷᠢᠬᠤ ᠵᠢ ᠬᠡᠷᠡᠭᠵᠢᠭᠦᠯᠵᠦ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠢᠨ ᠣᠨᠣᠪᠴᠢ ᠵᠢᠨ ᠬᠡᠮᠵᠢᠶ᠎ᠡ ᠪᠠ ᠠᠮᠵᠢᠯᠲᠠ ᠵᠢᠨ ᠨᠣᠷᠮ᠎ᠠ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠬᠤᠳᠠᠯᠳᠤᠭ᠋ᠠᠨ᠎ᠤ ᠠᠮᠤᠷ ᠲᠦᠪᠰᠢᠨ᠎ᠳᠤ ᠦᠢ᠍ᠯᠡᠴᠢᠯᠡᠬᠦ ᠵᠢ ᠪᠠᠷᠢᠮᠲᠠᠯᠠᠨ᠂ ᠡᠯᠰᠡᠬᠦ ᠪᠠ ᠣᠷᠣᠭᠤᠯᠬᠤ ᠵᠢ ᠨᠢᠭᠡ ᠴᠣᠭᠴᠠᠵᠢᠭᠤᠯᠤᠨ᠂ ᠡᠴᠦᠰ᠎ᠲᠤᠨᠢ ᠲᠤᠯᠲᠠᠯ᠎ᠠ ᠳᠠᠭ᠋ᠠᠵᠤ᠂ ᠬᠡᠯᠡᠯᠴᠡᠭᠡᠷ ᠲᠣᠭᠲᠠᠬᠤ ᠲᠥᠷᠥᠯ ᠵᠦᠢ᠍ᠯ᠎ᠤᠨ ᠪᠥᠬᠥ ᠶᠠᠪᠤᠴᠠ ᠵᠢᠨ ᠦᠢ᠍ᠯᠡᠴᠢᠯᠡᠭᠡ ᠵᠢ ᠰᠠᠶ᠋ᠢᠲᠤᠷ ᠬᠢᠵᠦ᠂ ᠲᠥᠷᠥᠯ ᠵᠦᠢ᠍ᠯ᠎ᠤᠨ ᠡᠷᠲᠡ ᠠᠵᠢᠯ ᠡᠬᠢᠯᠡᠭᠦᠯᠵᠦ ᠡᠷᠲᠡ ᠪᠠᠶ᠋ᠢᠭᠤᠯᠵᠤ ᠡᠷᠲᠡ ᠦᠢ᠍ᠯᠡᠳᠪᠦᠷᠢᠯᠡᠯ᠎ᠳᠤ ᠬᠦᠷᠦᠭᠦᠯᠬᠦ ᠵᠢ ᠬᠦᠴᠦᠯᠡᠨ ᠠᠬᠢᠭᠤᠯᠵᠤ᠂ ᠪᠥᠬᠥ ᠵᠢᠯ᠎ᠳᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠢ ᠪᠣᠳᠠᠲᠠᠶ᠋ᠢᠵᠢᠭᠤᠯᠤᠭᠰᠠᠨ ᠪᠠᠯᠠ ᠮᠥᠩᠭᠥ ᠵᠢ 15%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠶ᠋ᠢᠨ᠎ᠠ᠃
    (ᠳᠥᠷᠪᠡ) ᠬᠦᠴᠦᠨ ᠵᠶ᠋ᠠᠨ ᠲᠥᠪᠯᠡᠷᠡᠭᠦᠯᠦᠨ ᠥᠭᠡᠷᠡᠴᠢᠯᠡᠯᠲᠡ ᠨᠡᠭᠡᠭᠡᠯᠲᠡ ᠬᠢᠵᠦ ᠰᠢᠨ᠎ᠡ ᠵᠢ ᠡᠭᠦᠳᠴᠦ᠂ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠳᠠᠯᠳᠠ ᠬᠦᠴᠦᠨ᠎ᠢ ᠬᠥᠭᠵᠢᠭᠡᠨ᠎ᠡ᠃ 《ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠠᠳᠬᠤᠬᠤ ᠪᠣᠯ ᠳᠠᠷᠤᠶ ᠬᠥᠭᠵᠢᠯᠲᠡ ᠵᠢ ᠠᠳᠬᠤᠵᠤ ᠪᠠᠶ᠋ᠢᠭ᠎ᠠ ᠶᠠᠪᠤᠳᠠᠯ ᠮᠥᠨ》 ᠭᠡᠬᠦ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠬᠤ ᠵᠢ ᠠᠬᠢᠭᠤᠯᠤᠨ᠎ᠠ᠃
    ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ 《ᠭᠤᠷᠪᠠ ᠵᠢ ᠲᠥᠪᠯᠡᠷᠡᠭᠦᠯᠬᠦ᠂ ᠭᠤᠷᠪᠠ ᠵᠢ ᠪᠣᠳᠠᠲᠠᠶ᠋ᠢᠵᠢᠭᠤᠯᠬᠤ》 ᠠᠵᠢᠯ᠎ᠢ ᠦᠷᠭᠦᠯᠵᠢᠯᠡᠨ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ  ᠵᠦᠢ᠍ᠯᠡᠰ᠎ᠤᠨ ᠭᠠᠷᠴᠠᠭ᠎ᠢ ᠰᠢᠯᠢᠳᠡᠭᠵᠢᠭᠦᠯᠦᠨ ᠨᠠᠶ᠋ᠢᠳᠠᠪᠤᠷᠢᠵᠢᠭᠤᠯᠵᠤ᠂ ᠵᠢᠷᠤᠮᠵᠢᠯ ᠪᠠ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠢ ᠬᠡᠷᠡᠭᠵᠢᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠥᠮᠴᠢᠯᠡᠯᠲᠡ ᠵᠢ ᠦᠨᠳᠦᠰᠦᠨ ᠱᠠᠲᠤ ᠳᠠᠰᠢ ᠤᠯᠠᠮ ᠨᠢᠭᠡ ᠠᠯᠬᠤᠮ ᠤᠷᠲᠤᠳᠬᠠᠬᠤ ᠵᠢ ᠠᠬᠢᠭᠤᠯᠵᠤ᠂ ᠭᠤᠷᠪᠠᠳᠠᠬᠢ ᠡᠲᠡᠭᠡᠳ᠎ᠤᠨ 《ᠣᠶ᠋ᠢᠷ᠎ᠠ ᠬᠠᠪᠢ᠎ᠳᠠᠭᠠᠨ  ᠭᠦᠢ᠍ᠴᠡᠳᠭᠡᠬᠦ》 ᠵᠢᠨ ᠬᠠᠮᠤᠷᠬᠤ ᠴᠡᠭ᠎ᠢ ᠨᠡᠮᠡᠭᠳᠡᠭᠦᠯᠦᠨ᠂ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠭᠡᠬᠦ ᠵᠢ 《ᠭᠦᠢ᠍ᠴᠡᠳᠭᠡᠵᠦ ᠪᠣᠯᠬᠤ》᠎ᠠᠴᠠ 《ᠰᠠᠶ᠋ᠢᠲᠤᠷ ᠭᠦᠢ᠍ᠴᠡᠳᠭᠡᠬᠦ》 ᠪᠣᠯᠭ᠋ᠠᠨ ᠳᠡᠭᠡᠭᠰᠢᠯᠡᠭᠦᠯᠦᠨ᠎ᠡ᠃ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》 ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠂ ᠠᠵᠤ ᠠᠬᠤᠶ᠋ᠢᠯᠠᠯ᠎ᠳᠤ ᠤᠯᠠᠮ ᠨᠢᠭᠡ ᠠᠯᠬᠤᠮ ᠠᠰᠢᠭ ᠣᠯᠭᠣᠵᠤ ᠠᠷᠠᠳ᠎ᠲᠤ ᠲᠥᠬᠥᠮ ᠦᠵᠡᠭᠦᠯᠦᠨ᠎ᠡ᠃ 《12345》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢᠨ 《ᠭᠤᠷᠪᠠᠨ ᠨᠣᠷᠮ᠎ᠠ》 ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ 《12345》 ᠵᠢᠨ ᠬᠢᠨᠠᠨ ᠰᠢᠯᠭ᠋ᠠᠬᠤ ᠬᠠᠮᠢᠶᠠᠷᠤᠯᠲᠠ ᠵᠢᠨ ᠠᠷᠭ᠎ᠠ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠪᠠ ᠬᠠᠮᠵᠢᠯᠴᠠᠬᠤ ᠲᠣᠭᠲᠠᠴᠠ ᠵᠢ ᠨᠠᠶ᠋ᠢᠳᠠᠪᠤᠷᠢᠵᠢᠭᠤᠯᠤᠨ᠂ ᠣᠯᠠᠨ ᠲᠦᠮᠡᠨ᠎ᠤ ᠪᠠᠴᠢᠮ ᠪᠡᠷᠬᠡ ᠵᠣᠪᠠᠵᠤ ᠪᠠᠶ᠋ᠢᠭ᠎ᠠ ᠠᠰᠠᠭᠤᠳᠠᠯ᠎ᠢ ᠦᠨᠡᠨᠬᠦ ᠰᠢᠢ᠍ᠳᠪᠦᠷᠢᠯᠡᠵᠦ᠂ ᠠᠵᠤ ᠠᠬᠤᠶ᠋ᠢᠯᠠᠯ᠂ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠨ᠎ᠠ᠃
    ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠦᠢ᠍ᠯᠡᠴᠢᠯᠡᠨ᠎ᠡ᠃ ᠣᠷᠣᠨ ᠨᠤᠲᠤᠭ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠨᠢᠭᠡ ᠭᠡᠷ᠎ᠤᠨ ᠬᠥᠮᠦᠰ᠂ ᠨᠢᠭᠡ ᠰᠡᠳᠬᠢᠯ᠂ ᠨᠢᠭᠡ ᠴᠤᠬ᠍ᠴᠠᠵᠢᠭᠤᠯᠤᠬᠰᠠᠨ ᠬᠠᠮᠲᠤᠷᠠᠯᠴᠠᠭ᠋ᠠᠨ᠎ᠤ ᠣᠶ᠋ᠢᠯᠠᠭ᠋ᠠᠭᠳᠠᠬᠤᠨ ᠵᠶ᠋ᠠᠷ ᠭᠡᠭᠡᠨ ᠭᠣᠣᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠯᠲᠡ ᠵᠢ ᠪᠥᠬᠥ ᠬᠦᠴᠦᠨ ᠵᠶ᠋ᠠᠷ ᠵᠶ᠋ᠠᠨ ᠳᠡᠮᠵᠢᠵᠦ᠂ ᠭᠠᠶ᠋ᠢᠯᠢ ᠬᠥᠩᠭᠡᠯᠡᠵᠦ ᠰᠦᠢ᠍ᠳᠭᠡᠯ ᠪᠠᠭᠤᠷᠠᠭᠤᠯᠬᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠮᠥᠩᠭᠥᠨ  ᠭᠦᠢ᠍ᠯᠭᠡᠭᠡᠨ᠎ᠤ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠬᠦᠴᠢᠷᠳᠡᠯ᠎ᠢ ᠴᠠᠭ ᠲᠤᠬᠠᠶ᠎ᠳᠤᠨᠢ  ᠰᠢᠢ᠍ᠳᠪᠦᠷᠢᠯᠡᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃ ᠵᠠᠰᠠᠭ ᠮᠥᠩᠭᠥ ᠠᠵᠤ ᠠᠬᠤᠶ᠋ᠢᠯᠠᠯ᠎ᠤᠨ ᠬᠥᠭᠥᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠨᠳᠥᠷ ᠦᠷ᠎ᠡ ᠪᠦᠲᠦᠮᠵᠢᠲᠡᠶ ᠵᠣᠯᠭ᠋ᠠᠭᠤᠯᠬᠤ ᠲᠠᠪᠴᠠᠩ᠎ᠢ ᠪᠠᠶ᠋ᠢᠭᠤᠯᠤᠨ᠂ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠵᠢᠨ ᠲᠥᠷᠥᠯ  ᠵᠦᠢ᠍ᠯ᠎ᠤᠨ ᠨᠠᠷᠢᠨ ᠬᠠᠭᠤᠳᠠᠰᠤ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠮᠥᠩᠭᠥᠨ ᠭᠦᠢ᠍ᠯᠭᠡᠭᠡᠨ᠎ᠤ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠵᠢ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠴᠢᠨᠠᠷ  ᠰᠠᠢ᠌ᠲᠠᠢ  ᠪᠡᠶᠡᠯᠡᠭᠦᠯᠦᠨ᠎ᠡ᠃
    ᠬᠡᠷᠡᠭᠯᠡᠭᠡ ᠵᠢ ᠦᠷᠭᠦᠯᠵᠢᠯᠡᠨ ᠠᠬᠢᠭᠤᠯᠤᠨ᠎ᠠ᠃ 《ᠰᠦᠯᠵᠢᠶᠡᠨ ᠳᠡᠭᠡᠷ᠎ᠡ ᠣᠷᠣᠭᠤᠯᠵᠤ ᠠᠪᠴᠢᠷᠠᠬᠤ + ᠪᠣᠳᠠᠲᠤ ᠴᠣᠭᠴᠠ ᠵᠢᠨ ᠬᠡᠷᠡᠭᠯᠡᠭᠡ》 ᠵᠢᠨ ᠵᠠᠭᠪᠤᠷ᠎ᠢ ᠬᠡᠷᠡᠭᠵᠢᠭᠦᠯᠵᠦ᠂ ᠬᠡᠷᠡᠭᠯᠡᠭᠡ ᠵᠢ ᠠᠬᠢᠭᠤᠯᠬᠤ ᠡᠯ᠎ᠡ ᠲᠦᠷᠦᠯ᠎ᠤᠨ ᠠᠵᠢᠯᠯᠠᠭ᠎ᠠ ᠵᠢ ᠰᠠᠶ᠋ᠢᠲᠤᠷ ᠠᠳᠬᠤᠨ᠎ᠠ᠃ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ᠂ ᠤᠷᠠᠨ ᠰᠠᠶ᠋ᠢᠬᠠᠨ᠎ᠤ ᠲᠣᠭᠯᠠᠯᠲᠠ᠂ ᠰᠥᠨᠢ ᠵᠢᠨ ᠠᠵᠤ ᠠᠬᠤᠶ᠂ ᠡᠯᠧᠺᠲᠷᠣᠨ ᠬᠤᠳᠠᠯᠳᠤᠭ᠋ᠠᠨ᠎ᠤ ᠰᠢᠭᠤᠳ ᠨᠡᠪᠲᠡᠷᠡᠭᠦᠯᠭᠡ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠣᠶ᠋ᠢᠵᠢᠭᠤᠯᠵᠤ᠂ ᠣᠶ ᠰᠢᠭᠤᠶ ᠵᠢᠨ ᠳᠠᠭᠤᠤ ᠬᠥᠭᠵᠢᠮ᠎ᠤᠨ ᠴᠤᠭᠯᠠᠭ᠋ᠠᠨ᠂ ᠫᠢᠸᠤ᠋ ᠵᠢᠨ ᠨᠠᠶ᠋ᠢᠷ ᠵᠡᠷᠭᠡ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠡᠷᠭᠢᠯᠡᠨ᠎ᠡ᠃ ᠵᠠᠰᠠᠭ᠎ᠤᠨ ᠣᠷᠳᠣᠨ᠎ᠤ ᠬᠡᠷᠡᠭᠯᠡᠭᠡᠨ᠎ᠤ ᠲᠡᠮᠳᠡᠭᠲᠦ ᠵᠢᠨ ᠬᠥᠲᠥᠯᠦᠨ ᠳᠠᠭ᠋ᠠᠭᠤᠯᠬᠤ ᠠᠵᠢᠯᠯᠠᠭ᠎ᠠ ᠵᠢ ᠦᠷᠨᠢᠭᠦᠯᠵᠦ᠂ ᠠᠵᠤ ᠠᠬᠤᠶ᠋ᠢᠯᠠᠯ᠎ᠤᠨ ᠬᠡᠷᠡᠭᠯᠡᠭᠡᠨ᠎ᠤ ᠲᠡᠮᠳᠡᠭᠲᠦ ᠵᠢ ᠲᠠᠷᠬᠠᠭ᠋ᠠᠬᠤ ᠠᠵᠢᠯ᠎ᠳᠤ ᠣᠷᠣᠯᠴᠠᠬᠤ ᠵᠢ ᠳᠡᠮᠵᠢᠵᠦ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠣᠨᠣᠭ ᠪᠠᠭᠤᠳᠠᠯ ᠢᠳᠡᠭᠡᠨ ᠤᠮᠳᠠᠭ᠋ᠠᠨ ᠵᠡᠷᠭᠡ ᠠᠵᠢᠯ ᠲᠥᠷᠥᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠬᠦ ᠵᠢ ᠠᠬᠢᠭᠤᠯᠤᠨ᠎ᠠ᠃
    (ᠲᠠᠪᠤ) ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ᠎ᠳᠤ ᠬᠦᠴᠦ᠎ᠪᠠᠨ ᠲᠥᠪᠯᠡᠷᠡᠭᠦᠯᠦᠨ᠂ ᠬᠣᠲᠠ ᠬᠥᠳᠡᠭᠡ ᠵᠢᠨ ᠶᠡᠷᠦᠩᠬᠡᠶ᠋ᠢᠯᠡᠭᠰᠡᠨ ᠳᠠᠭ᠋ᠠᠭ᠋ᠠᠬᠤ ᠴᠢᠳᠠᠪᠤᠷᠢ ᠵᠢ ᠴᠢᠩᠭ᠋ᠠᠷᠠᠭᠤᠯᠤᠨ᠎ᠠ᠃ ᠴᠢᠳᠠᠮᠵᠢ ᠵᠢ ᠨᠥᠬᠥᠪᠥᠷᠢᠯᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠨᠠᠷᠢᠨ ᠬᠠᠮᠢᠶᠠᠷᠬᠤ ᠵᠢ ᠪᠠᠷᠢᠮᠲᠠᠯᠠᠵᠤ᠂ ᠬᠤᠳᠠ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠵᠤ᠂ ᠬᠤᠳᠠ ᠵᠢᠨ ᠦᠨᠭᠭᠡ ᠵᠢᠰᠦ ᠵᠢ ᠭᠣᠶᠣᠯᠠᠵᠤ᠂ ᠠᠷᠠᠳ ᠤᠯᠠᠨ᠎ᠤ ᠠᠮᠢᠳᠤᠷᠠᠯ᠎ᠢ ᠨᠡᠩ ᠲᠦᠭᠦᠮ᠂ ᠨᠡᠩ ᠲᠠᠭ᠋ᠠᠯᠠᠮᠵᠢᠲᠠᠢ᠂ ᠨᠡᠩ ᠰᠠᠢ᠍ᠢ᠍ᠨ ᠰᠠᠶ᠋ᠢᠬᠠᠨ ᠪᠣᠯᠭ᠋ᠠᠬᠤ ᠬᠡᠷᠡᠭᠲᠡᠢ᠃
    ᠬᠤᠳᠠ ᠵᠢᠨ ᠴᠢᠨᠠᠷ ᠴᠢᠨᠰᠠᠭ᠎ᠠ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠶᠠᠩ ᠪᠠᠯᠭ᠋ᠠᠰᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠪᠠ ᠬᠤᠳᠠ ᠵᠢᠨ ᠲᠣᠭᠣᠷᠢᠭ ᠵᠢᠴᠢ ᠡᠯ᠎ᠡ ᠰᠢᠶᠠᠩ ᠪᠠᠯᠭ᠋ᠠᠰᠤᠨ᠎ᠤ ᠡᠵᠡᠮᠳᠡᠯ᠎ᠤᠨ ᠴᠢᠨᠠᠷᠲᠠᠶ ᠨᠠᠷᠢᠨ ᠲᠥᠯᠥᠪᠵᠢᠭᠦᠯᠭᠡ ᠵᠢ ᠲᠦᠷᠭᠡᠪᠴᠢᠯᠡᠨ ᠨᠠᠶ᠋ᠢᠷᠠᠭᠤᠯᠤᠨ ᠵᠣᠬᠢᠶᠠᠵᠤ᠂ ᠬᠤᠳᠠ ᠵᠢᠨ ᠪᠠᠶ᠋ᠢᠷᠢᠰᠢᠯ᠎ᠢ ᠵᠦᠢ ᠵᠣᠬᠢᠰᠲᠠᠶ ᠪᠠᠶ᠋ᠢᠷᠢᠯᠠᠭᠤᠯᠤᠨ᠎ᠠ᠃ ᠬᠤᠳᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠲᠦᠯᠬᠢᠨ ᠠᠬᠢᠭᠤᠯᠵᠤ᠂ ᠵᠡᠭᠡᠯᠢ ᠳᠠᠭ᠋ᠠᠤ ᠵᠢᠨ ᠪᠠᠶ᠋ᠢᠰᠢᠩ ᠭᠡᠷ᠎ᠢ ᠥᠭᠡᠷᠡᠴᠢᠯᠡᠨ ᠵᠠᠰᠠᠬᠤ ᠠᠵᠢᠯ᠎ᠢ ᠦᠷᠭᠦᠯᠵᠢᠯᠡᠨ ᠦᠷᠨᠢᠭᠦᠯᠦᠨ᠎ᠡ᠃ ᠬᠣᠲᠠ ᠵᠢᠨ ᠰᠠᠭᠤᠷᠢ ᠲᠦᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠰᠤᠩ ᠯᠢᠨ ᠵᠠᠮ᠎ᠤᠨ ᠠᠵᠢᠯ᠎ᠢ ᠡᠬᠢᠯᠡᠭᠦᠯᠦᠨ ᠪᠥᠲᠥᠭᠡᠨ ᠪᠠᠶ᠋ᠢᠭᠤᠯᠵᠤ᠂ ᠢᠯᠴᠢ ᠬᠠᠩᠭ᠋ᠠᠬᠤ᠂ ᠤᠰᠤ ᠬᠠᠩᠭ᠋ᠠᠬᠤ᠂ ᠤᠰᠤ ᠵᠠᠯᠠᠬᠤ ᠬᠣᠭᠣᠯᠠᠶ ᠵᠢᠨ ᠲᠣᠤᠷ᠎ᠢ ᠥᠭᠡᠷᠡᠴᠢᠯᠡᠬᠦ ᠢᠨᠵᠧᠨᠧᠷᠢᠩ᠎ᠢ ᠬᠡᠷᠡᠭᠵᠢᠭᠦᠯᠵᠦ᠂ ᠰᠠᠭᠤᠭ᠋ᠠᠯᠢ ᠠᠷᠠᠳ᠎ᠤᠨ ᠶᠠᠪᠤᠵᠤ ᠰᠠᠭᠤᠬᠤ᠂ ᠤᠰᠤ ᠬᠡᠷᠡᠭᠯᠡᠬᠦ᠂ ᠳᠤᠯᠠᠭ᠋ᠠᠯᠠᠭ᠎ᠠ ᠵᠢᠨ ᠠᠮᠤᠷ ᠲᠦᠪᠰᠢᠨ᠎ᠢ ᠪᠠᠲᠤᠯᠠᠨ᠎ᠠ᠃ ᠬᠣᠲᠠ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠣᠭᠣᠭ᠋ᠠᠷᠠᠭᠤᠯᠤᠯᠲᠠ ᠵᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠤᠭᠤᠲᠠ ᠴᠡᠴᠡᠷᠯᠢᠭ᠎ᠢ ᠰᠡᠯᠪᠢᠨ ᠵᠠᠰᠠᠬᠤ ᠬᠡᠷᠡᠭᠲᠡᠶ᠃ ᠭᠡᠭᠡᠨ ᠭᠣᠣᠯ᠎ᠠᠴᠠ ᠶᠠᠭᠰᠢ ᠬᠦᠷᠬᠦ᠂ ᠦᠯᠢᠺᠦᠮ᠎ᠠ᠎ᠠᠴᠠ ᠰᠢᠶᠠ ᠶᠠᠩ ᠭᠧ ᠴᠢ ᠬᠦᠷᠬᠦ᠂ ᠧᠯᠪᠦᠷ᠎ᠠᠴᠠ ᠮᠦᠯᠦᠢ ᠬᠦᠷᠬᠦ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠪᠴᠢᠯᠡᠨ ᠠᠬᠢᠭᠤᠯᠵᠤ᠂ ᠮᠤᠵᠢ ᠵᠢᠨ ᠵᠠᠮ᠎ᠤᠨ 302 ᠵᠢᠨ ᠾᠧ᠎ᠠᠴᠠ ᠮᠤᠷᠳᠤᠭ᠎ᠠ ᠬᠦᠷᠬᠦ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠵᠦᠢ᠍ᠯᠡᠰ᠎ᠢ ᠬᠡᠷᠡᠭᠵᠢᠭᠦᠯᠵᠦ᠂ ᠬᠥᠳᠡᠭᠡ ᠲᠣᠰᠬᠣᠨ᠎ᠤ 13 ᠰᠠᠭᠤᠷᠢ ᠵᠠᠰᠠᠮᠠᠯ ᠵᠠᠮ᠎ᠤᠨ ᠨᠤᠷᠠᠬᠤ ᠠᠶᠤᠯᠲᠠᠶ ᠬᠥᠭᠥᠷᠭᠡ ᠵᠢ ᠥᠭᠡᠷᠡᠴᠢᠯᠡᠨ ᠵᠠᠰᠠᠪᠠ᠃ ᠰᠢᠭᠤᠶ᠋ᠢᠲᠤ ᠣᠷᠣᠨ᠎ᠤ ᠮᠡᠳᠡᠭᠡ ᠬᠣᠯᠪᠣᠭ᠋ᠠᠨ᠎ᠤ ᠰᠦᠯᠵᠢᠶᠡᠨ᠎ᠤ ᠪᠠᠶ᠋ᠢᠭᠤᠯᠤᠯᠲᠠ ᠵᠢ ᠲᠦᠷᠭᠡᠳᠬᠡᠵᠦ᠂ 5G ᠵᠢᠨ ᠰᠦᠯᠵᠢᠶᠡᠨ᠎ᠤ ᠪᠦᠷᠬᠦᠴᠡ ᠵᠢᠨ ᠬᠡᠪᠴᠢᠶ᠎ᠡ ᠵᠢ ᠥᠷᠭᠡᠳᠬᠡᠵᠦ᠂ 5G ᠵᠢᠨ ᠰᠠᠭᠤᠷᠢ ᠦᠷᠳᠡᠭᠡ ᠵᠢ 20 ᠰᠢᠨ᠎ᠡ᠎ᠪᠠᠷ ᠪᠠᠶ᠋ᠢᠭᠤᠯᠪᠠ᠃
    ᠬᠤᠳᠠ ᠵᠢᠨ ᠵᠠᠰᠠᠯᠲᠠ ᠵᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠ ᠵᠢᠨ ᠳᠦᠷᠰᠦ ᠪᠠᠶ᠋ᠢᠳᠠᠯ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠢ ᠶᠡᠷᠦᠩᠬᠡᠶ᠋ᠢᠯᠡᠨ ᠵᠠᠰᠠᠬᠤ ᠵᠢ ᠭᠦᠨᠵᠡᠭᠡᠶ᠋ᠢᠷᠡᠭᠦᠯᠵᠦ᠂ ᠳᠤᠷ᠎ᠠ᠎ᠪᠠᠷ ᠵᠶ᠋ᠠᠨ ᠪᠠᠶ᠋ᠢᠭᠤᠯᠬᠤ᠂ ᠳᠤᠷ᠎ᠠ᠎ᠪᠠᠷ ᠵᠶ᠋ᠠᠨ ᠬᠦᠷᠢᠶᠡᠯᠡᠵᠦ᠂ ᠳᠤᠷ᠎ᠠ᠎ᠪᠠᠷ ᠵᠶ᠋ᠠᠨ ᠡᠵᠡᠯᠡᠬᠦ᠂ ᠡᠷᠡᠭᠦᠯ ᠬᠠᠮᠠᠭ᠋ᠠᠯᠠᠯ᠎ᠤᠨ ᠲᠠᠯ᠎ᠠ᠎ᠪᠠᠷ ᠦᠯᠦ ᠣᠨᠣᠭᠳᠠᠬᠤ ᠵᠡᠷᠭᠡ ᠠᠰᠠᠭᠤᠳᠠᠯ᠎ᠢ ᠶᠡᠬᠡᠪᠡᠷ ᠴᠡᠭᠴᠡᠯᠡᠨ ᠵᠠᠰᠠᠵᠤ᠂ ᠪᠣᠯᠪᠠᠰᠤᠨ ᠬᠤᠳᠠ ᠵᠢ ᠡᠭᠦᠳᠦᠨ ᠪᠠᠶ᠋ᠢᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ᠎ᠡ᠃ ᠬᠣᠭᠣᠯᠠᠨ ᠭᠡᠷ ᠲᠣᠭᠣᠭ᠋ᠠᠨ ᠭᠡᠷ᠎ᠤᠨ ᠬᠣᠭ ᠨᠣᠪᠰᠢ ᠰᠢᠢ᠍ᠳᠪᠦᠷᠢᠯᠡᠬᠦ ᠲᠦᠬᠦᠭᠡᠷᠦᠮᠵᠢ ᠵᠢ ᠪᠥᠳᠥᠭᠡᠨ ᠪᠠᠶ᠋ᠢᠭᠤᠯᠵᠤ᠂ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ ᠵᠢ ᠲᠥᠯᠬᠢᠨ ᠠᠬᠢᠭᠤᠯᠤᠨ᠎ᠠ᠃ ᠠᠳᠠᠯ ᠠᠬᠤᠶ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠰᠢᠷᠢᠰ ᠠᠵᠢᠯᠯᠠᠭ᠎ᠠ ᠵᠢ ᠬᠡᠷᠡᠭᠵᠢᠭᠦᠯᠵᠦ᠂ ᠠᠳᠠᠯ ᠠᠬᠤᠶ ᠵᠢᠨ ᠠᠵᠤ ᠠᠬᠤᠶ᠋ᠢᠯᠠᠯ᠎ᠤᠨ 《ᠤᠯᠠᠭ᠋ᠠᠨ ᠬᠠᠷ᠎ᠠ  ᠳᠠᠩᠰᠠ》 ᠵᠢᠨ ᠦᠢ᠍ᠯᠡᠳᠦᠯ᠎ᠢ ᠪᠠᠳᠠᠷᠠᠭᠤᠯᠤᠨ᠂ ᠥᠷᠭᠡᠨ ᠣᠯᠠᠨ ᠥᠮᠴᠢᠲᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃ ᠬᠣᠲᠠ ᠵᠢᠨ ᠠᠷᠢᠭᠤᠨ ᠴᠡᠪᠡᠷ᠎ᠤᠨ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠭᠣᠤᠯ ᠳᠡᠳ᠋ ᠵᠠᠮ ᠱᠤᠭᠤᠮ᠎ᠢ ᠴᠡᠪᠡᠷᠯᠡᠨ᠂ ᠣᠯᠠᠨ ᠨᠡᠶ᠋ᠢᠲᠡ ᠵᠢᠨ ᠲᠦᠬᠦᠭᠡᠷᠦᠮᠵᠢ ᠵᠢᠨ ᠡᠪᠳᠡᠷᠡᠭᠰᠡᠨ᠎ᠢ ᠲᠡᠷᠡ ᠳᠠᠷᠤᠶ᠎ᠳᠤᠨᠢ ᠪᠠᠶ᠋ᠢᠴᠠᠭ᠋ᠠᠨ ᠵᠠᠰᠠᠵᠤ᠂ ᠠᠷᠠᠳ ᠣᠯᠠᠨ᠎ᠳᠤ ᠴᠡᠪᠡᠷ᠂ ᠲᠠᠭ᠋ᠠᠯᠠᠮᠵᠢᠲᠠᠶ ᠠᠮᠢᠳᠤᠷᠠᠯ᠎ᠤᠨ ᠣᠷᠴᠢᠨ ᠲᠣᠭᠣᠷᠢᠨ᠎ᠢ ᠪᠣᠶ ᠪᠣᠯᠭ᠋ᠠᠵᠤ ᠥᠭᠭᠦᠨ᠎ᠡ᠃
    (ᠵᠢᠷᠭᠤᠭ᠎ᠠ) ᠬᠦᠴᠦ᠎ᠪᠠᠨ ᠲᠥᠪᠯᠡᠷᠡᠭᠦᠯᠦᠨ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠵᠦ᠂ ᠣᠯᠠᠨ ᠲᠦᠮᠡᠨ᠎ᠤ ᠵᠣᠯ ᠵᠢᠷᠭ᠋ᠠᠯ᠎ᠤᠨ ᠵᠢᠭ᠋ᠠᠯᠲᠠ ᠲᠣᠭ᠎ᠠ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠵᠢ ᠠᠪᠴᠤ᠂ ᠠᠷᠠᠳ ᠤᠯᠠᠨ᠎ᠤ ᠪᠠᠴᠢᠮ ᠪᠡᠷᠬᠡ ᠵᠣᠪᠠᠵᠤ ᠪᠠᠶ᠋ᠢᠭ᠎ᠠ ᠠᠰᠠᠭᠤᠳᠠᠯ᠎ᠢ ᠰᠠᠶ᠋ᠢᠲᠤᠷ  ᠰᠢᠦᠳᠪᠦᠷᠢᠯᠡᠨ᠎ᠡ᠃
    ᠠᠳᠠᠯ ᠦᠢ᠍ᠯᠡᠰ ᠴᠣᠭᠴᠠᠯᠠᠵᠤ ᠠᠵᠢᠯ ᠣᠯᠭᠣᠬᠤ ᠵᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠵᠢᠯ ᠣᠯᠭᠣᠯᠲᠠ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠦᠨ᠎ᠡ ᠃ ᠳᠡᠭᠡᠳᠦ ᠰᠤᠷᠭ᠋ᠠᠭᠤᠯᠢ ᠲᠡᠭᠦᠰᠦᠭᠰᠡᠳ᠂ ᠵᠡᠮᠳᠡᠭᠴᠦᠳ᠂ ᠴᠡᠷᠢᠭ᠎ᠠᠴᠠ ᠬᠠᠯᠠᠭᠳᠠᠭᠰᠠᠳ ᠵᠡᠷᠭᠡ ᠭᠣᠣᠯᠳᠠᠯᠭ᠎ᠠ᠎ᠲᠠᠢ ᠬᠠᠮᠲᠤᠯᠢᠭ᠎ᠤᠨ ᠠᠵᠢᠯ ᠣᠯᠭᠣᠯᠲᠠ ᠵᠢᠨ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠠᠮᠢᠳᠤᠯᠢᠭ ᠵᠶ᠋ᠠᠷ ᠠᠵᠢᠯ ᠤᠯᠬᠤ ᠵᠢ ᠶᠡᠬᠡ᠎ᠪᠠᠷ ᠲᠡᠮᠵᠢᠵᠤ᠂ ᠪᠡᠶ᠎ᠡ᠎ᠪᠠᠨ ᠳᠠᠭ᠋ᠠᠭ᠋ᠠᠵᠤ ᠠᠳᠠᠯ ᠦᠢ᠍ᠯᠡᠰ ᠴᠣᠭᠴᠠᠯᠠᠬᠤ ᠵᠢ ᠵᠣᠷᠢᠭᠵᠢᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠢᠳᠡᠪᠬᠢᠲᠡᠶ ᠨᠡᠭᠡᠭᠡᠨ ᠬᠥᠭᠵᠢᠭᠦᠯᠵᠦ᠂ ᠨᠢᠭᠡ ᠴᠦ᠍ ᠠᠵᠢᠯ ᠣᠯᠤᠭᠰᠠᠨ ᠦᠭᠡᠢ ᠭᠡᠷ ᠪᠦᠯᠢ ᠵᠢ ᠬᠥᠳᠡᠯᠦᠩᠭᠦᠶ᠎ᠪᠠᠷ ᠴᠡᠪᠡᠷᠯᠡᠨ᠎ᠡ᠃ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠴᠢᠳᠠᠪᠤᠷᠢᠲᠠᠨ ᠣᠷᠣᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠨ᠂ ᠠᠵᠢᠯᠲᠠᠨ ᠡᠯᠰᠡᠬᠦ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠣᠯᠠᠨ ᠠᠷᠭ᠎ᠠ ᠵᠠᠮ ᠵᠶ᠋ᠠᠷ ᠬᠠᠩᠭ᠋ᠠᠨ᠎ᠠ᠃
    ᠨᠡᠶ᠋ᠢᠭᠡᠮ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠳᠠᠭ᠋ᠠᠳᠬᠠᠯ᠎ᠳᠤ ᠣᠷᠣᠯᠴᠠᠬᠤ ᠪᠦᠷᠬᠦᠴᠡ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃ ᠡᠮ ᠡᠮᠨᠡᠯᠭᠡ ᠵᠢᠨ ᠳᠠᠭ᠋ᠠᠳᠬᠠᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠬᠦᠨᠳᠦ ᠶᠡᠬᠡ ᠡᠪᠡᠳᠴᠢᠨ ᠡᠮᠭᠡᠭ᠎ᠤᠨ ᠡᠮ ᠡᠮᠨᠡᠯᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠨᠠᠶ᠋ᠢᠳᠠᠪᠤᠷᠢᠵᠢᠭᠤᠯᠤᠨ᠂ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠲᠠᠰᠤᠯᠤᠨ ᠪᠤᠳᠤᠬᠤ ᠬᠠᠷᠢᠴᠠᠯ᠎ᠢ ᠳᠡᠭᠡᠭᠰᠢᠯᠡᠭᠦᠯᠵᠦ᠂ ᠡᠪᠡᠳᠴᠢᠲᠡᠨ᠎ᠤ ᠡᠮ ᠡᠮᠨᠡᠯᠭᠡ ᠵᠢᠨ ᠳᠠᠷᠤᠭ᠋ᠠᠰᠤ ᠵᠢ ᠬᠥᠩᠭᠡᠯᠡᠨ᠎ᠡ᠃ ᠵᠠᠯᠠᠭᠤᠴᠤᠳ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠵᠤ᠂ ᠡᠮᠡᠭᠲᠡᠶ᠋ᠢᠴᠦᠳ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠵᠡᠮᠳᠡᠭᠴᠦᠳ᠎ᠤᠨ ᠦᠢ᠍ᠯᠡᠰ᠎ᠤᠨ ᠪᠦᠬᠦ ᠲᠠᠯ᠎ᠠ ᠵᠢᠨ ᠨᠡᠶ᠋ᠢᠭᠡᠮ᠎ᠤᠨ ᠠᠪᠤᠷᠠᠨ ᠲᠤᠰᠠᠯᠠᠬᠤ ᠡᠲᠡᠭᠡᠳ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠭᠤᠭᠤᠯᠤᠨ ᠪᠠᠶ᠋ᠢᠴᠠᠭ᠋ᠠᠬᠤ ᠪᠠ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠭᠲᠠᠴᠠ ᠵᠢ ᠪᠦᠷᠢᠨᠰᠢᠬᠦᠯᠵᠦ᠂ ᠵᠡᠮᠳᠡᠭᠴᠦᠳ᠂ ᠬᠦᠴᠢᠷᠳᠡᠯᠲᠡᠶ ᠬᠡᠷ ᠪᠦᠯᠢ᠂ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ  ᠬᠡᠷ ᠪᠦᠯᠢ ᠵᠢᠨ ᠦᠨᠳᠦᠰᠦᠨ ᠵᠦᠢ᠍ᠯ᠎ᠢ ᠪᠠᠲᠤᠯᠠᠬᠤ ᠡᠷᠴᠢᠮ᠎ᠢ ᠴᠢᠩᠭ᠋ᠠᠷᠠᠭᠤᠯᠵᠤ᠂ ᠨᠡᠶ᠋ᠢᠭᠡᠮ᠎ᠤᠨ ᠠᠪᠤᠷᠠᠨ ᠲᠤᠰᠠᠯᠠᠯᠲᠠ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ ᠠᠵᠤ ᠠᠬᠤᠶ ᠵᠢᠨ ᠬᠦᠴᠢᠷᠳᠡᠯ᠎ᠲᠠᠢ ᠨᠠᠰᠤᠲᠠᠶ᠋ᠢᠴᠤᠳ᠎ᠤᠨ ᠴᠢᠳᠠᠪᠤᠷᠢ ᠵᠢ ᠦᠨᠡᠯᠡᠨ ᠵᠢᠱ᠌ᠢᠬᠦ ᠵᠢ ᠬᠥᠳᠡᠯᠦᠩᠭᠦᠶ᠎ᠪᠠᠷ ᠥᠷᠨᠢᠭᠦᠯᠵᠦ᠂   ᠤᠨᠴᠠᠭ᠋ᠠᠢ ᠬᠦᠴᠢᠷᠳᠡᠯ᠎ᠲᠠᠢ ᠨᠠᠰᠤᠲᠠᠶ᠋ᠢᠴᠤᠳ᠎ᠤᠨ ᠬᠡᠷ ᠪᠦᠯᠢ ᠵᠢᠨ ᠨᠠᠰᠤᠵᠢᠯᠲᠠ᠎ᠳᠤ ᠳᠣᠭᠢᠷᠠᠬᠤ ᠥᠭᠡᠷᠡᠴᠢᠯᠡᠯᠲᠡ ᠵᠢ ᠬᠡᠷᠡᠭᠵᠢᠭᠦᠯᠦᠨ᠂ ᠮᠠᠨᠬᠥ᠋ᠢ ᠪᠠᠯᠭ᠋ᠠᠰᠤ᠂ ᠣᠯᠭᠣᠶᠠ ᠰᠢᠶᠠᠩ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ ᠪᠥᠲᠥᠭᠡᠨ ᠪᠠᠶ᠋ᠢᠭᠤᠯᠵᠤ᠂ ᠨᠠᠰᠤᠲᠠᠶ᠋ᠢᠴᠤᠳ᠎ᠤᠨ ᠨᠠᠰᠤᠵᠢᠯ᠎ᠤᠨ  ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
    ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠦᠨ᠎ᠡ᠃ 《ᠬᠣᠶᠠᠷ᠎ᠢ ᠬᠠᠰᠤᠬᠤ》 ᠡᠭᠦᠷᠭᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠠᠠᠴᠠᠵᠢᠭᠤᠯᠬᠤ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠴᠢᠮ ᠳᠤᠲᠠᠭᠳᠠᠵᠤ ᠪᠠᠶ᠋ᠢᠭ᠎ᠠ ᠬᠢᠴᠢᠶᠡᠯ ᠲᠥᠷᠥᠯ᠎ᠤᠨ ᠪᠠᠭᠰᠢ ᠵᠢ ᠨᠥᠬᠥᠪᠥᠷᠢᠯᠡᠬᠦ ᠡᠷᠴᠢᠮ᠎ᠢ ᠴᠢᠩᠭ᠋ᠠᠷᠠᠭᠤᠯᠤᠨ᠎ᠠ᠃ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠬᠢᠴᠢᠶᠡᠯ᠎ᠤᠨ ᠥᠭᠡᠷᠡᠴᠢᠯᠡᠯᠲᠡ ᠵᠢ ᠳᠥᠯᠭᠢᠨ ᠠᠬᠢᠭᠤᠯᠵᠤ᠂ ᠬᠢᠴᠢᠶᠡᠯ ᠰᠤᠩᠭᠤᠨ ᠠᠩᠭᠢ ᠰᠢᠯᠵᠢᠬᠦ ᠳᠦᠷᠢᠮᠲᠦ ᠵᠢᠭ᠋ᠠᠨ ᠰᠤᠷᠭ᠋ᠠᠯᠲᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠂ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ  ᠵᠦᠢ᠍ᠯ᠎ᠢ ᠬᠡᠷᠡᠭᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠯᠠᠪᠳᠠᠭᠤᠨ ᠪᠠᠲᠤᠲᠠᠶ ᠠᠬᠢᠭᠤᠯᠵᠤ᠂ ᠪᠥᠬᠥ ᠬᠣᠲᠠ ᠵᠢᠨ ᠴᠢᠨᠠᠷ ᠰᠠᠶ᠋ᠢᠲᠠᠶ ᠡᠮᠴᠢᠯᠡᠭᠡᠨ᠎ᠤ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠬᠣᠲᠠ ᠵᠢᠨ ᠡᠮᠨᠡᠯᠭᠡ ᠵᠢᠨ ᠬᠣᠷᠢᠶ᠎ᠠ᠂ ᠬᠢᠲᠠᠳ ᠮᠣᠩᠭᠣᠯ ᠡᠮᠨᠡᠯᠭᠡ ᠵᠢᠨ ᠬᠣᠷᠢᠶ᠎ᠠ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠥᠷᠨᠢᠭᠦᠯᠦᠨ᠂ ᠴᠢᠨᠠᠷ ᠰᠠᠶ᠋ᠢᠲᠠᠶ ᠡᠮᠴᠢᠯᠡᠭᠡᠨ᠎ᠤ ᠡᠬᠢ ᠪᠠᠶᠠᠯᠢᠭ᠎ᠢ ᠬᠤᠪᠢᠶᠠᠯᠴᠠᠨ᠎ᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠴᠢᠮ ᠳᠤᠲᠠᠭᠳᠠᠵᠤ ᠪᠠᠶ᠋ᠢᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠨ᠎ᠠ᠃ ᠬᠣᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠶ᠋ᠢᠯᠡᠭᠰᠡᠨ ᠡᠮᠨᠡᠯᠭᠡ ᠵᠢᠨ ᠬᠣᠷᠢᠶ᠎ᠠ᠎ᠳᠤ ᠴᠥᠮ ᠢᠨᠲ᠋ᠧᠷ ᠰᠦᠯᠵᠢᠶᠡᠨ᠎ᠤ ᠣᠨᠣᠰᠢᠯᠠᠨ ᠡᠮᠨᠡᠬᠦ ᠦᠢ᠍ᠯᠡᠴᠢᠯᠡᠭᠡ ᠥᠷᠨᠢᠭᠦᠯᠬᠦ ᠵᠢ ᠠᠬᠢᠭᠤᠯᠵᠤ᠂ ᠬᠣᠲᠠ ᠵᠢᠨ ᠠᠷᠠᠳ᠎ᠤᠨ ᠡᠮᠨᠡᠯᠭᠡ ᠵᠢᠨ ᠬᠣᠷᠢᠶ᠎ᠠ ᠵᠢᠨ ᠡᠮᠴᠢᠯᠡᠭᠡᠨ᠎ᠤ ᠠᠪᠤᠷᠠᠨ ᠵᠠᠰᠠᠬᠤ ᠵᠢᠨ ᠲᠤᠰᠠᠯᠠᠬᠤ ᠴᠢᠳᠠᠪᠤᠷᠢ ᠵᠢ ᠳᠡᠭᠡᠭᠰᠢᠯᠡᠭᠦᠯᠬᠦ ᠪᠠ ᠭᠣᠤᠯ ᠴᠢᠰᠤᠨ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠤᠯᠬᠤ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠥᠷᠨᠢᠭᠦᠯᠵᠦ᠂ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ ᠵᠢᠨ ᠬᠢᠨᠠᠨ ᠰᠢᠯᠭ᠋ᠠᠷᠠᠭᠤᠯᠵᠤ ᠰᠢᠯᠭ᠋ᠠᠨ ᠪᠠᠶ᠋ᠢᠴᠠᠭ᠋ᠠᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠨ᠎ᠠ᠃ ᠪᠦᠬᠦ ᠠᠷᠠᠳ᠎ᠤᠨ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠠᠵᠢᠯᠯᠠᠭ᠎ᠠ ᠵᠢ ᠶᠡᠬᠡᠪᠡᠷ ᠵᠣᠬᠢᠶᠠᠨ ᠪᠠᠶ᠋ᠢᠭᠤᠯᠵᠤ᠂ ᠮᠥᠰᠥᠨ ᠳᠡᠭᠡᠷᠡᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠨᠡᠩ ᠤᠯᠠᠨ ᠵᠠᠯᠠᠭᠤᠴᠤᠳ ᠪᠠᠭ᠋ᠠᠴᠤᠳ᠎ᠲᠤ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠠᠪᠤ ᠴᠡᠩᠭᠡᠯ᠎ᠢ ᠡᠳ᠋ᠯᠡᠭᠦᠯᠵᠦ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ  ᠬᠦᠳᠡᠯᠭᠡᠭᠡᠨ᠎ᠤ ᠬᠦᠭᠵᠢᠯᠲᠡ ᠵᠢ ᠠᠬᠢᠭᠤᠯᠤᠨ᠎ᠠ᠃ 《ᠤᠮᠠᠷᠠᠲᠤ ᠵᠢᠨ ᠰᠣᠶᠣᠯ》᠎ᠤᠨ ᠨᠠᠷᠠᠲᠤ ᠲᠥᠷᠥᠯ ᠲᠡᠮᠳᠡᠭᠲᠦ᠎ᠪᠠᠷ ᠵᠢᠯᠣᠭᠣᠳᠣᠯᠭ᠎ᠠ ᠪᠣᠯᠭ᠋ᠠᠵᠤ᠂ ᠤᠷᠠᠨ ᠰᠠᠶ᠋ᠢᠬᠠᠨ᠎ᠤ ᠲᠣᠭᠯᠠᠯᠲᠠ᠂ ᠪᠥᠬᠥ ᠠᠷᠠᠳ᠎ᠤᠨ ᠨᠣᠮ ᠤᠩᠰᠢᠬᠤ᠂ ᠰᠣᠶᠣᠯ᠎ᠤᠨ ᠦᠵᠡᠰᠬᠦᠯᠡᠩ᠎ᠤᠨ ᠰᠤᠷᠭ᠋ᠠᠨ ᠬᠥᠮᠦᠵᠢᠯ ᠵᠡᠷᠭᠡ ᠣᠯᠠᠨ ᠡᠰᠢᠵᠢᠭᠰᠡᠨ ᠣᠯᠠᠨ ᠨᠡᠶ᠋ᠢᠲᠡ ᠵᠢᠨ ᠰᠣᠶᠣᠯ᠎ᠤᠨ  ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠨ᠂ ᠭᠡᠭᠡᠨ ᠭᠤᠤᠯ᠎ᠤᠨ ᠣᠨᠴᠠᠯᠢᠭ᠎ᠲᠠᠢ ᠤᠷᠠᠨ ᠰᠠᠶ᠋ᠢᠬᠠᠨ᠎ᠤ ᠪᠦᠲᠦᠭᠡᠯ᠎ᠢ ᠵᠣᠬᠢᠶᠠᠨ ᠪᠦᠲᠦᠭᠡᠵᠦ᠂ ᠤᠯᠠᠭ᠋ᠠᠨᠮᠥ᠋ᠴᠢᠷ᠎ᠤᠨ ᠠᠷᠠᠳ᠎ᠲᠤ ᠠᠰᠢᠭ ᠬᠦᠷᠲᠡᠭᠡᠬᠦ 100 ᠲᠠᠯᠠᠪᠤᠷ ᠲᠣᠭᠯᠠᠯᠲᠠ ᠵᠢ ᠥᠷᠨᠢᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ᠎ᠪᠠᠷ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠢ ᠪᠡᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠵᠢᠱ᠌ᠢᠶ᠎ᠡ ᠦᠵᠡᠭᠦᠯᠬᠦ ᠣᠷᠣᠨ᠎ᠢ ᠪᠠᠲᠤ ᠪᠡᠬᠢ ᠪᠤᠢ ᠪᠣᠯᠭ᠋ᠠᠬᠤ᠎ᠪᠠᠷ ᠴᠢᠷᠮᠠᠶ᠋ᠢᠨ᠎ᠠ᠃
    (ᠳᠣᠯᠣᠭ᠎ᠠ) ᠬᠦᠴᠦᠨ ᠵᠶ᠋ᠠᠨ ᠲᠥᠪᠯᠡᠷᠡᠭᠦᠯᠦᠨ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠨᠡᠶ᠋ᠢᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠳᠠᠯ᠎ᠢ ᠬᠠᠮᠠᠭ᠋ᠠᠯᠠᠨ᠎ᠠ᠃ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠵᠤ᠂ ᠤᠷᠢᠳᠠᠪᠠᠷ ᠰᠢᠳᠠᠷ᠎ᠠ ᠲᠠᠯᠪᠢᠵᠤ᠂ ᠰᠠᠨᠠᠭ᠋ᠠᠴᠢᠯᠠᠭ᠋ᠠᠲᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠡᠯ᠎ᠡ ᠲᠦᠷᠦᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠵᠤ᠂ ᠠᠮᠤᠷ ᠲᠦᠪᠰᠢᠨ᠎ᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠯ᠎ᠡ  ᠬᠦᠷᠢᠶ᠎ᠡ᠂ ᠪᠦᠬᠦ ᠶᠠᠪᠤᠴᠠ᠎ᠳᠤ ᠲᠤᠭᠤᠰᠢᠯᠠᠭᠤᠯᠬᠤ ᠵᠢ ᠪᠠᠲᠤᠯᠠᠬᠤ ᠬᠡᠷᠡᠭᠲᠡᠢ᠃
    ᠠᠶᠤᠯᠭᠦᠶ ᠦᠢ᠍ᠯᠡᠳᠪᠦᠷᠢᠯᠡᠯ᠎ᠤᠨ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠨ᠎ᠠ᠃ 《ᠠᠶᠤᠯᠭᠦᠶ ᠦᠢ᠍ᠯᠡᠳᠪᠦᠷᠢᠯᠡᠯ ᠎ᠤᠨ ᠦᠨᠳᠦᠰᠦᠨ ᠱᠠᠲᠤᠨ᠎ᠤ ᠰᠠᠭᠤᠷᠢ ᠪᠥᠲᠥᠭᠡᠨ ᠪᠠᠶ᠋ᠢᠭᠤᠯᠤᠯᠲᠠ ᠵᠢᠨ ᠣᠨ》᠎ᠤ ᠠᠵᠢᠯᠯᠠᠭ᠎ᠠ ᠵᠢ ᠥᠷᠨᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ ᠵᠢᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠂ ᠬᠡᠲᠦᠷᠡᠮᠡᠬᠡᠶ ᠴᠠᠭ ᠠᠭᠤᠷ᠎ᠢ ᠬᠣᠷᠢᠭᠯᠠᠬᠤ ᠪᠠ ᠰᠡᠷᠭᠡᠶ᠋ᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠣᠶ ᠰᠢᠭᠤᠶ ᠵᠢᠨ ᠭᠠᠯ ᠰᠡᠷᠭᠡᠶ᠋ᠢᠯᠡᠨ ᠤᠨᠲᠠᠷᠠᠭ᠋ᠠᠬᠤ᠂ ᠦᠶᠡᠷ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠶᠤᠯᠭᠦᠶ ᠦᠢ᠍ᠯᠡᠳᠪᠦᠷᠢᠯᠡᠯ᠎ᠤᠨ ᠠᠷᠪᠠᠨ ᠲᠠᠪᠤᠨ ᠵᠦᠢ᠍ᠯ᠎ᠤᠨ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠶᠤᠯᠭᠦᠶ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠂ 《ᠭᠤᠷᠪᠠ ᠵᠢ ᠬᠠᠮᠢᠶᠠᠷᠬᠤ ᠭᠤᠷᠪᠠ ᠵᠢ ᠡᠷᠬᠡᠪᠰᠢ ᠠᠳᠬᠤᠬᠤ》 ᠱᠠᠭ᠋ᠠᠷᠳᠠᠯᠭ᠎ᠠ ᠵᠢ ᠡᠯ᠎ᠡ ᠱᠠᠳᠤ ᠡᠯ᠎ᠡ ᠭᠠᠵᠠᠷ ᠡᠯ᠎ᠡ ᠬᠦᠷᠢᠶᠡᠨ᠎ᠳᠤ ᠨᠠᠶ᠋ᠢᠳᠠᠪᠤᠷᠢᠵᠢᠭᠤᠯᠬᠤ ᠬᠡᠷᠡᠭᠲᠡᠶ᠃ ᠠᠮᠤᠷ ᠲᠦᠪᠰᠢᠨ᠎ᠤ ᠤᠬᠠᠭᠤᠯᠭ᠎ᠠ ᠵᠢᠨ 《ᠲᠠᠪᠤ ᠵᠢ ᠠᠬᠢᠭᠤᠯᠬᠤ》 ᠵᠢ ᠭᠦᠨᠵᠡᠭᠡᠶ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠨ᠂ ᠠᠶᠤᠯᠭᠦᠶ ᠦᠢ᠍ᠯᠡᠳᠪᠦᠷᠢᠯᠡᠯ ᠎ᠤᠨ ᠬᠠᠤᠯᠢ᠎ᠠᠴᠠ ᠵᠥᠷᠢᠴᠡᠭᠰᠡᠨ ᠨᠡᠶ᠋ᠢᠲᠡᠯᠢᠭ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠢᠯᠡᠴᠢᠯᠡᠵᠦ᠂ ᠪᠥᠬᠥ ᠠᠷᠠᠳ᠎ᠤᠨ ᠠᠮᠤᠷ ᠲᠦᠪᠰᠢᠨ᠎ᠤ ᠦᠵᠡᠯ ᠤᠬᠠᠮᠰᠠᠷ᠎ᠢ ᠴᠢᠩᠭ᠋ᠠᠳᠬᠠᠨ᠎ᠠ᠃  ᠬᠢᠨᠠᠯᠲᠠ ᠬᠠᠮᠢᠶᠠᠷᠤᠯᠲᠠ ᠵᠢᠨ ᠤᠷᠢᠳᠴᠢᠯᠠᠨ ᠰᠡᠷᠭᠡᠶ᠋ᠢᠯᠡᠬᠦ ᠴᠢᠨᠠᠷᠲᠠᠶ ᠬᠠᠤᠯᠢ ᠬᠡᠷᠡᠭᠵᠢᠭᠦᠯᠦᠯᠲᠡ ᠵᠢ ᠬᠦᠴᠦᠲᠡᠶ ᠠᠳᠬᠤᠵᠤ᠂ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢ ᠴᠢᠩᠭ᠋ᠠᠷᠠᠭᠤᠯᠤᠨ᠂ ᠠᠮᠤᠷ ᠲᠦᠪᠰᠢᠨ᠎ᠤ ᠲᠠᠯᠳᠠ ᠭᠡᠮ᠎ᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠠᠷᠢᠯᠭ᠋ᠠᠵᠤ᠂ ᠠᠶᠤᠯᠭᠦᠶ ᠦᠢ᠍ᠯᠡᠳᠪᠦᠷᠢᠯᠡᠯ᠎ᠤᠨ ᠬᠦᠨᠳᠦ ᠶᠡᠬᠡ ᠣᠨᠴᠠ ᠶᠡᠬᠡ ᠡ᠊ᠨᠳᠡᠯ ᠭᠠᠷᠬᠤ ᠵᠢ ᠡᠷᠡᠰ ᠬᠣᠷᠢᠭᠯᠠᠨ᠎ᠠ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠪᠣᠳᠠᠲᠠᠶ ᠪᠥᠭᠡᠳ ᠨᠠᠷᠢᠯᠢᠭ ᠠᠳᠬᠤᠵᠤ᠂ ᠢᠳᠡᠭᠡᠨ᠎ᠤ ᠠᠮᠤᠷ ᠲᠦᠪᠰᠢᠨ᠎ᠤ 《ᠬᠣᠶᠠᠷ ᠬᠠᠷᠢᠭᠤᠴᠠᠯᠭ᠎ᠠ》 ᠵᠢ ᠴᠢᠩᠭ᠎ᠠ ᠨᠠᠶ᠋ᠢᠳᠠᠪᠤᠷᠢᠵᠢᠭᠤᠯᠤᠨ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠠᠬᠢᠭᠤᠯᠵᠤ᠂ ᠣᠯᠠᠨ ᠲᠦᠮᠡᠨ᠎ᠤ ᠢᠳᠡᠭᠡᠨ ᠤᠮᠳᠠᠭ᠋ᠠᠨ ᠡᠮ ᠬᠡᠷᠡᠭᠯᠡᠬᠦ ᠠᠮᠤᠷ ᠲᠦᠪᠰᠢᠨ᠎ᠢ ᠪᠠᠲᠤᠯᠠᠨ᠎ᠠ᠃
    ᠬᠦᠨᠳᠦ ᠶᠡᠬᠡ ᠠᠶᠤᠯ ᠲᠦᠭᠰᠢᠭᠦᠷᠢ ᠵᠢ ᠡᠷᠡᠰ ᠰᠡᠷᠭᠡᠶ᠋ᠢᠯᠡᠨ᠎ᠡ᠃ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠠᠷᠢᠯᠭ᠋ᠠᠬᠤ ᠡᠷᠴᠢᠮ᠎ᠢ ᠴᠢᠩᠭ᠋ᠠᠷᠠᠭᠤᠯᠵᠤ᠂ ᠳᠠᠯᠳᠠ ᠥᠷᠢ ᠥᠭᠴᠡᠭᠡ ᠵᠢᠨ ᠨᠡᠮᠡᠭᠳᠡᠯ᠎ᠢ ᠡᠷᠡᠰ ᠬᠣᠷᠢᠭᠯᠠᠵᠤ᠂ ᠣᠨ᠎ᠤ ᠳᠠᠯᠳᠠ ᠥᠷᠢ ᠥᠭᠴᠡᠭᠡ ᠵᠢ ᠠᠷᠢᠯᠭ᠋ᠠᠬᠤ ᠡᠭᠦᠷᠭᠡ ᠵᠢ ᠪᠡᠶᠡᠯᠡᠭᠦᠯᠦᠨ᠎ᠡ᠃ ᠴᠠᠯᠢᠩ ᠥᠷᠢᠲᠦᠬᠦ ᠵᠢ ᠤᠷᠢᠳᠴᠢᠯᠠᠨ ᠰᠡᠷᠭᠡᠶ᠋ᠢᠯᠡᠵᠦ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠬᠥᠯᠥᠰᠥᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠦᠬᠦ ᠬᠦᠴᠦᠨ ᠵᠶ᠋ᠠᠷ ᠬᠠᠮᠠᠭ᠋ᠠᠯᠠᠨ᠎ᠠ᠃ ᠮᠥᠩᠭᠥᠨ ᠭᠦᠢ᠍ᠯᠭᠡᠭᠡᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠰᠡᠷᠡᠮᠵᠢᠯᠡᠭᠦᠯᠦᠯ᠎ᠢ ᠴᠢᠩᠭ᠋ᠠᠳᠬᠠᠵᠤ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢᠨ ᠰᠡᠷᠭᠡᠶ᠋ᠢᠯᠡᠯᠲᠡ ᠵᠢ ᠴᠢᠩᠭ᠋ᠠᠳᠬᠠᠵᠤ᠂ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭ᠋ᠠᠬᠤ ᠬᠣᠷᠢᠭ᠎ᠠ ᠱᠤᠭᠤᠮ᠎ᠢ ᠡᠷᠡᠰ ᠰᠠᠬᠢᠨ᠎ᠠ᠃
    ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ 《ᠬᠠᠤᠯᠢ᠎ᠪᠠᠷ ᠵᠠᠰᠠᠬᠤ ᠭᠡᠭᠡᠨ ᠭᠤᠤᠯ》᠎ᠤᠨ ᠪᠠᠶ᠋ᠢᠭᠤᠯᠤᠯᠲᠠ ᠵᠢ ᠭᠦᠨᠵᠡᠭᠡᠶ ᠥᠷᠨᠢᠭᠦᠯᠵᠦ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠤᠳᠤᠷᠢᠳᠤᠯᠭ᠎ᠠ ᠵᠢᠨ ᠵᠠᠬᠢᠳᠠᠯ ᠰᠤᠷᠪᠤᠯᠵᠢᠯᠠᠯ ᠵᠢᠨ ᠬᠡᠷᠡᠭ᠎ᠢ ᠳᠠᠭ᠋ᠠᠭ᠋ᠠᠴᠢᠯᠠᠬᠤ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠵᠢ ᠣᠷᠣᠯᠠᠨ ᠰᠢᠢ᠍ᠳᠪᠦᠷᠢᠯᠡᠬᠦ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠵᠠᠬᠢᠳᠠᠯ ᠰᠤᠷᠪᠤᠯᠵᠢᠯᠠᠯ ᠵᠢᠨ ᠵᠥᠷᠢᠴᠡᠯ᠎ᠢ ᠨᠠᠮᠳᠠᠭᠤᠯᠬᠤ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠭᠦᠳᠬᠡᠨ ᠵᠠᠭ᠋ᠠᠯᠳᠤᠬᠤ᠂ ᠭᠦᠳᠬᠡᠨ ᠭᠦᠳᠬᠡᠬᠦ᠂  ᠴᠤᠤᠷᠬᠠᠯ ᠲᠠᠷᠬᠠᠭ᠋ᠠᠬᠤ᠂ ᠣᠷᠢᠶᠠᠯᠳᠤᠨ ᠰᠤᠷᠪᠤᠯᠵᠢᠯᠠᠵᠤ ᠦᠢ᠍ᠮᠡᠭᠦᠯᠦᠨ ᠰᠤᠷᠪᠤᠯᠵᠢᠯᠠᠬᠤ᠂ ᠰᠦᠯᠵᠢᠶ᠎ᠡ᠎ᠪᠠᠷ ᠬᠥᠭᠡᠷᠭᠡᠳᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠭᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠡᠯ᠎ᠡ ᠵᠦᠢ᠍ᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠳᠤ ᠴᠣᠬᠢᠯᠲᠠ ᠦᠭᠭᠦᠨ ᠤᠬᠠᠭᠤᠯᠬᠤ ᠡᠷᠴᠢᠮ᠎ᠢ ᠴᠢᠩᠭ᠋ᠠᠷᠠᠭᠤᠯᠵᠤ᠂ ᠨᠡᠶ᠋ᠢᠭᠡᠮ᠎ᠤᠨ ᠲᠣᠭᠲᠠᠭᠤᠨ ᠪᠠ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ  ᠬᠠᠮᠠᠭ᠋ᠠᠯᠠᠨ᠎ᠠ᠃

ᠢᠷᠡᠯᠲᠡ᠄ ᠭᠡᠭᠡᠨ ᠭᠤᠤᠯ ᠬᠤᠲᠡ ᠵᠢᠨ ᠠᠷᠠᠳ᠎ᠤᠨ ᠵᠠᠰᠠᠭ᠎ᠤᠨ ᠤᠷᠳᠤᠨ
Baidu
map