2024 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ (ᠭᠤᠷᠪᠠ)
ᠨᠡᠶ᠋ᠢᠲᠡᠯᠡᠭᠰᠡᠨ ᠴᠠᠭ᠄ 2024-03-13

    ᠭᠤᠷᠪᠠ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠪᠦᠬᠦ ᠲᠠᠯ᠎ᠠ ᠎ᠪᠠᠷ  ᠴᠢᠩᠭ᠋ᠠᠳᠬᠠᠨ᠎ᠠ
    ᠴᠢᠨᠠᠷ ᠰᠠᠶ᠋ᠢᠲᠠᠢ ᠬᠥᠭᠵᠢᠯᠲᠡ ᠵᠢᠨ ᠭᠣᠣᠯ ᠱᠤᠭᠤᠮ᠎ᠢ ᠴᠢᠩᠭ᠎ᠠ ᠡᠵᠡᠮᠳᠡᠵᠦ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠭᠦᠶ᠋ᠢᠯᠡᠨ ᠵᠢᠷᠤᠮᠯᠠᠵᠤ᠂ ᠨᠡᠩ ᠴᠢᠩᠭ᠎ᠠ ᠱᠠᠭ᠋ᠠᠷᠳᠠᠯᠭ᠎ᠠ᠂ ᠨᠡᠩ ᠪᠣᠳᠠᠲᠠᠢ ᠰᠤᠷᠲᠠᠯ᠂ ᠨᠡᠩ ᠥᠨᠳᠥᠷ ᠦᠷ᠎ᠡ ᠪᠦᠲᠦᠮᠵᠢ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠥᠨᠳᠥᠷ ᠪᠦᠲᠦᠮᠵᠢᠲᠡᠢ ᠠᠵᠢᠯ ᠦᠢ᠍ᠯᠡᠰ ᠪᠦᠲᠦᠭᠡᠬᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠵᠠᠰᠠᠭ᠎ᠤᠨ ᠣᠷᠳᠣᠨ᠎ᠢ ᠲᠦᠷᠭᠡᠨ ᠪᠠᠶ᠋ᠢᠭᠤᠯᠬᠤ ᠬᠡᠷᠡᠭᠲᠡᠢ᠃
    ᠨᠡᠩ ᠥᠨᠳᠥᠷ ᠵᠣᠭᠰᠣᠴᠠ᠎ᠪᠠᠷ ᠤᠯᠤᠰ ᠲᠦᠷᠦ ᠵᠢᠨ ᠬᠦᠳᠦᠯᠦᠨ ᠳᠠᠭ᠋ᠠᠭᠤᠯᠬᠤ ᠵᠢ ᠪᠠᠷᠢᠮᠲᠠᠯᠠᠨ᠎ᠠ᠃ ᠲᠤᠭ ᠲᠡᠮᠳᠡᠭ ᠲᠣᠳᠣᠷᠬᠠᠶ᠎ᠪᠠᠷ ᠤᠯᠤᠰ ᠲᠦᠷᠦ ᠵᠢ ᠡᠷᠬᠢᠮᠯᠡᠵᠦ᠂ 《ᠬᠣᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠶ᠃ ᠢᠮᠠᠭᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠦᠮᠲᠦ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠠᠵᠢᠯ ᠵᠶ᠋ᠠᠨ ᠠᠬᠢᠭᠤᠯᠵᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ᠂ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ᠃ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠲᠦᠷᠢᠮ᠎ᠢ ᠴᠢᠩᠳᠠᠯᠠᠵᠤ᠂ ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ ᠪᠠ ᠬᠣᠲᠠ ᠵᠢᠨ ᠨᠠᠮ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠬᠣᠲᠠ ᠵᠢᠨ ᠨᠠᠮ᠎ᠤᠨ ᠬᠣᠷᠢᠶ᠎ᠠ ᠲᠣᠬᠢᠷᠠᠭᠤᠯᠤᠯᠲᠠ᠎ᠲᠠᠢ᠂ ᠵᠠᠰᠠᠭ᠎ᠤᠨ ᠣᠷᠳᠣᠨ ᠠᠵᠢᠯᠯᠠᠭ᠎ᠠ᠎ᠲᠠᠢ᠂ ᠨᠠᠶ᠋ᠢᠳᠠᠪᠤᠷᠢᠵᠢᠭᠤᠯᠤᠯᠲᠠ ᠎ᠨᠢ ᠡᠷᠴᠢᠮ᠎ᠲᠠᠢ ᠪᠠᠶ᠋ᠢᠬᠤ ᠵᠢ ᠪᠡᠶᠡᠯᠡᠭᠦᠯᠦᠨ᠎ᠡ᠃
    ᠨᠡᠩ ᠪᠣᠳᠠᠲᠠᠶ ᠠᠷᠭ᠎ᠠ ᠬᠡᠮᠵᠢᠶ᠎ᠡ᠎ᠪᠠᠷ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠦᠢ᠍ᠯᠡᠳᠦᠯᠭᠡᠵᠢᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠂ ᠵᠠᠰᠠᠭ᠎ᠤᠨ ᠣᠷᠳᠣᠨ᠎ᠤ ᠠᠵᠢᠯ᠎ᠤᠨ ᠢᠮᠠᠭᠲᠠ ᠬᠠᠤᠯᠢ᠎ᠪᠠᠷ ᠵᠠᠰᠠᠬᠤ ᠥᠨᠳᠥᠷ ᠪᠦᠲᠦᠮᠵᠢᠲᠡᠶ᠎ᠪᠠᠷ ᠶᠠᠪᠤᠭᠳᠠᠬᠤ ᠵᠢ ᠦᠨᠡᠨ ᠬᠦ᠌ ᠪᠠᠲᠤᠯᠠᠨ᠎ᠠ᠃ ᠠᠷᠠᠳᠴᠢᠯᠠᠯ ᠲᠥᠪᠯᠡᠷᠡᠯ᠎ᠤᠨ ᠶᠣᠰᠣ ᠵᠢ ᠪᠠᠷᠢᠮᠲᠠᠯᠠᠨ᠂ ᠬᠠᠤᠯᠢ ᠶᠣᠰᠣᠭ᠋ᠠᠷ  ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢ ᠰᠢᠨᠵᠢᠯᠡᠬᠦ ᠤᠬᠠᠭ᠋ᠠᠨᠴᠢᠯᠠᠬᠤ᠂ ᠠᠷᠠᠳᠴᠢᠯᠠᠬᠤ᠂ ᠬᠠᠦᠯᠢᠵᠢᠬᠤ᠎ᠢ ᠠᠬᠢᠭᠤᠯᠤᠨ᠎ᠠ᠃ ᠨᠠᠮ᠎ᠤᠨ ᠳᠣᠲᠣᠭ᠋ᠠᠳᠤ ᠵᠢᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠬᠤᠳᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠶ᠋ᠢᠩᠭᠤ ᠵᠢᠨ ᠬᠣᠷᠢᠶᠠᠨ᠎ᠤ ᠬᠢᠨᠠᠯᠲᠠ ᠵᠢ ᠬᠠᠤᠯᠢ ᠶᠣᠰᠣᠭ᠋ᠠᠷ ᠬᠦᠯᠢᠶᠡᠵᠦ᠂ ᠬᠤᠳᠠ ᠵᠢᠨ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠭᠦᠨᠵᠡᠭᠡᠶ᠋ᠢᠷᠡᠭᠦᠯᠵᠦ᠂ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠶ᠋ᠢᠭᠡᠮ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ  ᠬᠦᠯᠢᠶᠡᠨ᠎ᠡ᠃
    ᠨᠡᠩ ᠰᠢᠯᠢᠳᠡᠭ ᠬᠡᠪ ᠰᠤᠷᠲᠠᠯ ᠵᠶ᠋ᠠᠷ ᠵᠠᠰᠠᠭ ᠵᠠᠬᠢᠷᠭ᠋ᠠᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ 《ᠲᠤᠯᠤᠭ᠎ᠠ ᠵᠢ ᠲᠠᠶᠠᠭᠳᠠᠬᠤ》 ᠵᠢ ᠡᠷᠡᠰ ᠪᠡᠶᠡᠯᠡᠭᠦᠯᠵᠦ᠂ 《ᠲᠦᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 《ᠳᠠᠷᠤᠶ᠋ᠢᠬᠠᠨ ᠭᠦᠢ᠍ᠴᠡᠳᠬᠡᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ》 ᠰᠢᠯᠢᠳᠡᠭ ᠰᠤᠷᠲᠠᠯ᠎ᠢ ᠶᠡᠬᠡᠪᠡᠷ ᠪᠠᠳᠠᠷᠠᠭᠤᠯᠵᠤ᠂ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭ᠋ᠠᠨ》᠎ᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ 《ᠵᠠᠳᠠᠯᠤᠯᠲᠠ᠎ᠲᠠᠢ ᠰᠡᠳᠬᠢᠬᠦᠶ》 ᠪᠠ 《ᠵᠠᠳᠠᠯᠤᠯᠲᠠ᠎ᠲᠠᠢ ᠰᠡᠳᠬᠢᠬᠦᠶ ᠵᠢ ᠰᠢᠯᠢᠳᠡᠭᠵᠢᠭᠦᠯᠬᠦ》 ᠵᠢ ᠪᠣᠶ ᠪᠣᠯᠭ᠋ᠠᠵᠤ᠂ ᠦᠷ᠎ᠡ ᠪᠦᠲᠦᠭᠡᠯ᠎ᠤᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠎ᠢ ᠴᠢᠩᠭ᠋ᠠᠷᠠᠭᠤᠯᠤᠨ᠂ ᠭᠣᠤᠯᠳᠠᠯᠭ᠎ᠠ᠎ᠲᠠᠢ ᠠᠵᠢᠯ᠎ᠤᠨ ᠡᠭᠦᠷᠭᠡ᠎ᠳᠤ ᠪᠢᠲᠡᠭᠦᠦ ᠬᠠᠮᠢᠶᠠᠷᠤᠯᠲᠠ ᠵᠢ ᠬᠡᠷᠡᠭᠵᠢᠭᠦᠯᠵᠦ᠂ ᠨᠢᠭᠡ ᠵᠢ ᠲᠣᠭᠲᠠᠭ᠋ᠠᠪᠠᠯ ᠨᠢᠭᠡ ᠵᠢ ᠬᠢᠵᠦ ᠨᠢᠭᠡ ᠵᠢ ᠪᠦᠲᠦᠭᠡᠬᠦ ᠵᠢ ᠦᠨᠡᠨ ᠬᠦ᠌ ᠪᠠᠲᠤᠯᠠᠵᠤ᠂ 《ᠬᠠᠷᠢᠭᠤᠴᠠᠯᠭ᠎ᠠ ᠵᠢ ᠡᠭᠦᠷᠭᠡᠯᠡᠨ ᠬᠠᠷᠢᠭᠤᠴᠠᠯᠭ᠎ᠠ᠎ᠪᠠᠨ ᠭᠦᠢ᠍ᠴᠡᠳᠭᠡᠬᠦ᠂ ᠠᠵᠢᠯ ᠦᠢ᠍ᠯᠡᠰ᠎ᠢ ᠤᠢ᠌ᠯᠭ᠋ᠠᠬᠤ᠂ ᠬᠦᠨᠳᠦ ᠡᠭᠦᠷᠭᠡ ᠵᠢ ᠡᠭᠦᠷᠭᠡᠯᠡᠬᠦ᠂ ᠴᠢᠳᠠᠮᠠᠭ᠋ᠠᠶ᠎ᠪᠠᠷ ᠬᠢᠵᠦ ᠴᠢᠳᠠᠮᠠᠭ᠋ᠠᠶ᠎ᠪᠠᠷ ᠪᠦᠲᠦᠭᠡᠬᠦ》 ᠵᠢ ᠵᠠᠰᠠᠭ᠎ᠤᠨ ᠣᠷᠳᠣᠨ᠎ᠤ ᠠᠵᠢᠯ᠎ᠤᠨ ᠢᠯᠡ ᠲᠣᠳᠣ ᠣᠨᠴᠠᠯᠢᠭ ᠰᠢᠨᠵᠢ ᠪᠣᠯᠭ᠋ᠠᠨ᠎ᠠ᠃
    ᠨᠡᠩ ᠴᠢᠩᠭ᠎ᠠ ᠪᠠᠷᠢᠮᠵᠢᠶ᠎ᠠ᠎ᠪᠠᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠨ᠎ᠠ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠡᠷᠡᠰ ᠭᠦᠢ᠍ᠴᠡᠳᠬᠡᠵᠦ᠂ ᠰᠠᠬᠢᠯᠭ᠎ᠠ ᠪᠠᠲᠤ ᠶᠣᠰᠣ ᠲᠦᠷᠢᠮ᠎ᠢ ᠢᠮᠠᠭᠲᠠ ᠲᠡᠷᠢᠭᠦᠨ᠎ᠳᠤ ᠲᠠᠯᠪᠢᠵᠤ᠂ 《ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ》 ᠵᠢ ᠭᠦᠨᠵᠡᠭᠡᠶ ᠨᠠᠶ᠋ᠢᠳᠠᠪᠤᠷᠢᠵᠢᠭᠤᠯᠤᠨ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠤᠨ ᠭᠦᠨᠵᠡᠭᠡᠶ᠋ᠢᠷᠡᠨ ᠬᠥᠭᠵᠢᠬᠦ ᠵᠢ ᠲᠦᠯᠬᠢᠨ ᠠᠬᠢᠭᠤᠯᠤᠨ᠎ᠠ᠃ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠲᠦᠷᠪᠡᠨ ᠰᠤᠷᠲᠠᠯ》᠎ᠢ ᠰᠢᠨᠲᠠᠷᠠᠰᠢ ᠦᠭᠡᠢ ᠵᠠᠯᠠᠷᠠᠭᠤᠯᠵᠤ᠂ ᠰᠢᠨ᠎ᠡ ᠰᠤᠷᠲᠠᠯ᠎ᠢ ᠪᠤᠢ ᠪᠣᠯᠭ᠋ᠠᠨ᠎ᠠ᠃ ᠲᠦᠷᠦᠭᠦᠯᠡᠨ 《ᠠᠷᠪᠢᠯᠠᠨ ᠭᠠᠮᠨᠠᠵᠤ》᠂ ᠡᠩ᠎ᠤᠨ ᠴᠢᠨᠠᠷᠲᠠᠶ ᠵᠠᠷᠤᠯᠭ᠎ᠠ ᠵᠢ ᠴᠢᠩᠭ᠎ᠠ  ᠬᠢᠵᠠᠭ᠋ᠠᠷᠯᠠᠵᠤ᠂ ᠵᠣᠭᠣᠰ᠎ᠢ ᠦᠨᠡᠨ ᠬᠦ᠌ ᠬᠥᠭᠵᠢᠯᠲᠡ ᠵᠢ ᠠᠬᠢᠭᠤᠯᠬᠤ ᠵᠠᠩᠭᠢᠯᠠᠭ᠎ᠠ ᠵᠢᠨ ᠭᠠᠵᠠᠷ᠂ ᠠᠷᠠᠳ᠎ᠤᠨ ᠲᠥᠯᠥᠭᠡ ᠠᠵᠢᠯ ᠶᠠᠪᠤᠳᠠᠯ ᠬᠢᠬᠦ ᠵᠢᠨ ᠪᠠᠴᠢᠮ ᠬᠡᠷᠡᠭᠴᠡᠭᠡᠨ᠎ᠤ ᠭᠠᠵᠠᠷ᠂ ᠠᠵᠠ ᠵᠢᠷᠭ᠋ᠠᠯ᠎ᠢ ᠨᠡᠮᠡᠭᠳᠡᠭᠦᠯᠬᠦ ᠴᠢᠬᠤᠯᠠ ᠭᠠᠵᠠᠷ᠎ᠲᠤ ᠵᠠᠷᠤᠴᠠᠭᠤᠯᠤᠨ᠎ᠠ᠃
    ᠲᠥᠯᠥᠭᠡᠯᠡᠭᠴᠢᠳ ᠡ! ᠤᠭ ᠰᠠᠨᠠᠭ᠎ᠠ ᠪᠠᠲᠤ ᠪᠡᠬᠢ ᠪᠣᠯᠪᠠᠰᠤ᠂ ᠡᠭᠦᠷᠭᠡ ᠬᠠᠷᠢᠭᠤᠴᠠᠯᠭ᠎ᠠ ᠮᠥᠷᠥᠨ ᠳᠡᠭᠡᠷ᠎ᠡ ᠪᠠᠶ᠋ᠢᠨ᠎ᠠ; ᠡᠭᠦᠷᠭᠡ ᠬᠦᠨᠳᠦ ᠵᠠᠮ ᠬᠤᠯᠠ᠂ ᠪᠣᠳᠠᠲᠠᠢ ᠠᠵᠢᠯᠯᠠᠬᠤ ᠵᠢ ᠲᠡᠷᠢᠭᠦᠨ᠎ᠳᠤ ᠲᠠᠯᠪᠢᠬᠤ ᠬᠡᠷᠡᠭᠲᠡᠢ᠃ ᠪᠢᠳᠡ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠪᠦᠬᠦ ᠬᠤᠳᠠ ᠵᠢᠨ ᠠᠷᠠᠳ ᠲᠦᠮᠡᠨ᠎ᠤ ᠤᠶᠤᠨ ᠤᠬᠠᠭ᠋ᠠᠨ᠎ᠢ ᠨᠢᠭᠲᠠᠷᠠᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ ᠬᠦᠴᠦᠨ᠎ᠢ ᠨᠢᠭᠲᠠᠷᠠᠭᠤᠯᠵᠤ᠂ ᠴᠤᠴᠠᠯᠲᠠ ᠦᠭᠡᠢ ᠲᠡᠮᠡᠴᠡᠬᠦ ᠣᠪᠣᠷ ᠪᠠᠶ᠋ᠢᠳᠠᠯ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠂ ᠥᠪᠡᠷ᠎ᠤᠨ ᠪᠡᠶ᠎ᠡ᠎ᠪᠠᠨ ᠦᠷᠡᠭᠳᠡᠭᠦᠯᠪᠡᠯ ᠬᠡᠨ ᠪᠣᠯᠬᠤ ᠬᠠᠷᠢᠭᠤᠴᠠᠯᠭ᠎ᠠ ᠡᠭᠦᠷᠭᠡᠯᠡᠯ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ ᠠᠵᠢᠯ᠎ᠤᠨ ᠰᠤᠷᠲᠠᠯ ᠵᠶ᠋ᠠᠷ ᠡᠷᠡᠰ ᠰᠢᠭᠤᠷᠬᠠᠢ᠎ᠪᠠᠷ ᠤᠷᠤᠭᠰᠢᠯᠠᠨ ᠲᠠᠪᠰᠢᠵᠤ᠂ ᠵᠠᠮ ᠨᠡᠭᠡᠭᠡᠨ ᠰᠢᠨ᠎ᠡ ᠵᠢ ᠡᠭᠦᠳᠴᠦ᠂  ᠭᠡᠭᠡᠨ ᠭᠣᠣᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠶ᠎ᠡ!

ᠢᠷᠡᠯᠲᠡ᠄ ᠭᠡᠭᠡᠨ ᠭᠤᠤᠯ ᠬᠤᠲᠡ ᠵᠢᠨ ᠠᠷᠠᠳ᠎ᠤᠨ ᠵᠠᠰᠠᠭ᠎ᠤᠨ ᠤᠷᠳᠤᠨ
Baidu
map