2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ (ᠨᠢᠭᠡ)
ᠨᠡᠶ᠋ᠢᠲᠡᠯᠡᠭᠰᠡᠨ ᠴᠠᠭ᠄ 2025-03-17

     2025 ᠣᠨ᠎ᠤ 1 ᠰᠠᠷ᠎ᠠ ᠵᠢᠨ 21᠎ᠤ ᠡᠳᠦᠷ ᠭᠡᠭᠡᠨ ᠭᠤᠤᠯ ᠬᠣᠲᠠ ᠵᠢᠨ ᠵᠢᠷᠭᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ    
     ᠳᠥᠷᠪᠡᠳᠦᠭᠡᠷ ᠤᠳᠠᠭ᠋ᠠᠨ᠎ᠤ ᠬᠤᠷᠠᠯ
     ᠭᠡᠭᠡᠨ ᠭᠣᠣᠯ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠵᠢᠨ ᠳᠠᠷᠤᠭ᠎ᠠ    ᠰᠦᠨ ᠱᠠᠩ ᠭᠦᠸᠧ
      ᠲᠥᠯᠥᠭᠡᠯᠡᠭᠴᠢᠳ ᠡ᠄
     ᠣᠳᠣ ᠪᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠢ ᠲᠦᠯᠦᠭᠡᠯᠡᠵᠦ ᠶᠡᠬᠡ ᠬᠤᠷᠠᠯ᠎ᠳᠤ ᠠᠵᠢᠯ᠎ᠤᠨ ᠢᠯᠡᠳᠬᠡᠯ ᠬᠢᠶ᠎ᠡ᠂ ᠬᠢᠨᠠᠨ ᠵᠦᠪᠯᠡᠭᠡᠷᠡᠢ᠂ ᠬᠣᠲᠠ ᠵᠢᠨ ᠤᠯᠤᠰ ᠲᠥᠷᠦ ᠵᠢᠨ ᠵᠥᠪᠯᠡᠯᠭᠡᠨ᠎ᠤ ᠭᠡᠰᠢᠭᠦᠳ ᠪᠣᠯᠤᠨ ᠬᠤᠷᠠᠯ᠎ᠳᠤ ᠰᠤᠯᠠ ᠣᠷᠣᠯᠴᠠᠭᠰᠠᠨ ᠨᠥᠬᠥᠳ ᠰᠠᠨᠠᠯ ᠵᠶ᠋ᠠᠨ ᠳᠤᠷᠠᠳᠤᠭ᠋ᠠᠷᠠᠢ᠃
     ᠨᠢᠭᠡ᠂ 2024 ᠣᠨ᠎ᠤ ᠠᠵᠢᠯ᠎ᠤᠨ ᠡᠷᠭᠢᠴᠡᠭᠦᠯᠦᠯ
    ᠥᠩᠭᠡᠷᠡᠭᠰᠡᠨ ᠨᠢᠭᠡ ᠵᠢᠯ᠎ᠳᠤ᠂ ᠬᠥᠯᠥᠨ ᠪᠤᠢ᠍ᠢ᠍ᠷ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠬᠤᠳᠠ ᠵᠢᠨ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ᠎ᠪᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠦ᠂ ᠨᠢᠭᠡ ᠭᠣᠣᠯ ᠱᠤᠭᠤᠮ᠎ᠢ ᠲᠤᠭᠤᠰᠢᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠲᠦᠷᠭᠡᠨ ᠬᠡᠷᠡᠭᠵᠢᠭᠦᠯᠵᠦ᠂ 《ᠲᠠᠪᠤᠨ ᠵᠦᠢ᠍ᠯ᠎ᠤᠨ ᠥᠭᠡᠷᠡᠴᠢᠯᠡᠯᠲᠡ ᠵᠢᠨ ᠰᠡᠳᠦᠪ》᠎ᠢ ᠪᠦᠬᠦ ᠲᠠᠯ᠎ᠠ᠎ᠪᠠᠷ ᠠᠬᠢᠭᠤᠯᠵᠤ᠂ ᠦᠷᠭᠦᠯᠵᠢᠯᠡᠨ ᠲᠡᠮᠡᠴᠡᠵᠦ᠂ ᠵᠣᠷᠢᠭᠲᠠᠢ᠎ᠪᠠᠷ ᠤᠷᠤᠭᠰᠢᠯᠠᠵᠤ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠨᠡᠯᠢᠶᠡᠳ ᠰᠠᠢ᠍ᠢ᠍ᠨ ᠪᠡᠶᠡᠯᠡᠭᠦᠯᠪᠡ᠃ ᠵᠢᠱ᠌ᠢᠯᠲᠡ᠎ᠳᠤ᠂ ᠪᠦᠬᠦ ᠬᠣᠲᠠ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 42 . 86 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ 5 % ᠨᠡᠮᠡᠭᠳᠡᠵᠡᠢ; ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 8 . 51 ᠳ᠋ᠦᠩᠰᠢᠭᠤᠷ ᠲᠥᠭᠥᠷᠢᠭ ᠪᠡᠶᠡᠯᠡᠭᠦᠯᠵᠦ᠂ 15 . 8 % ᠨᠡᠮᠡᠭᠳᠡᠪᠡ; ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ ᠵᠢ 13 . 59 ᠳ᠋ᠦᠩᠰᠢᠭᠤᠷ ᠲᠥᠭᠥᠷᠢᠭ ᠪᠡᠶᠡᠯᠡᠭᠦᠯᠵᠦ᠂ 5 % ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠬᠥᠯᠥᠨ ᠪᠤᠢ᠍ᠢ᠍ᠷ ᠬᠣᠲᠠ ᠵᠢᠨ ᠡᠮᠦᠨ᠎ᠡ ᠡᠩᠨᠡᠭᠡᠨ᠎ᠳᠤ ᠣᠷᠣᠪᠠ; ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ ᠵᠢ 1 . 39 ᠳ᠋ᠦᠩᠰᠢᠭᠤᠷ ᠲᠥᠭᠥᠷᠢᠭ ᠪᠡᠶᠡᠯᠡᠭᠦᠯᠵᠦ᠂ 61 % ᠨᠡᠮᠡᠭᠳᠡᠪᠡ; ᠬᠣᠲᠠ ᠪᠠᠯᠭ᠋ᠠᠰᠤ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 35978 ᠲᠥᠭᠥᠷᠢᠭ᠎ᠲᠤ ᠬᠦᠷᠴᠦ᠂ 5 %᠎ᠪᠠᠷ ᠨᠡᠮᠡᠭᠳᠡᠪᠡ; ᠪᠣᠬᠢᠷᠲᠤᠯ ᠥᠬᠡᠶ ᠭᠦᠢ᠍ᠴᠡᠳᠭᠡᠬᠦ ᠲᠣᠭ᠎ᠠ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠪᠦᠬᠦᠯᠢ ᠴᠣᠭᠴᠠ ᠵᠢᠨ ᠬᠥᠭᠵᠢᠯᠲᠡ ᠵᠢᠨ ᠰᠠᠶ᠋ᠢᠨ ᠰᠠᠶ᠋ᠢᠬᠠᠨ ᠪᠠᠶ᠋ᠢᠳᠠᠯ᠎ᠢ ᠪᠠᠲᠤᠯᠠᠪᠠ᠃
    (ᠨᠢᠭᠡ) ᠲᠥᠷᠥᠯ ᠵᠦᠢ᠍ᠯ᠎ᠢ ᠠᠳᠬᠤᠵᠤ᠂ ᠪᠡᠯᠡ ᠣᠷᠣᠭᠤᠯᠤᠯᠲᠠ ᠵᠢ ᠥᠷᠭᠡᠳᠬᠡᠨ᠂ ᠠᠵᠤ ᠠᠬᠤᠢ ᠵᠢᠨ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠲᠥᠰᠦᠯ᠎ᠤᠨ ᠪᠡᠯᠡ ᠣᠷᠣᠭᠤᠯᠤᠯᠲᠠ ᠵᠢᠨ ᠲᠤᠯᠭ᠋ᠠᠭᠤᠷᠢᠯᠠᠯ ᠬᠦᠴᠦᠲᠡᠶ᠃ ᠭᠣᠣᠯᠳᠠᠯᠭ᠎ᠠ᠎ᠲᠠᠢ ᠲᠥᠷᠥᠯ ᠵᠦᠢ᠍ᠯ᠎ᠢ 35 ᠬᠡᠷᠡᠭᠵᠢᠭᠦᠯᠵᠦ᠂ 7 . 03 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠠᠵᠤ ᠦᠢ᠍ᠯᠡᠰ᠎ᠤᠨ ᠬᠥᠭᠵᠢᠯᠲᠡ ᠪᠠ ᠰᠣᠶᠣᠯ ᠵᠢᠭᠤᠯᠴᠢᠯᠠᠯ᠎ᠤᠨ ᠲᠥᠷᠥᠯ᠎ᠤᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠲᠣᠰᠪᠣᠷᠢ 28 % ᠪᠠ 207 % ᠨᠡᠮᠡᠭᠳᠡᠪᠡ᠃ ᠰᠢᠨ᠎ᠡ ᠨᠢᠭᠡ ᠦᠶ᠎ᠡ ᠵᠢᠨ ᠴᠠᠭ ᠠᠭᠤᠷ᠎ᠤᠨ ᠷᠠᠳᠠᠷ᠂ ᠨᠢᠰᠦᠭᠦᠷ᠎ᠤᠨ ᠬᠦᠢ᠍ᠲᠡᠨ ᠲᠤᠶ᠋ᠢᠯ᠎ᠢ ᠰᠢᠯᠭ᠋ᠠᠨ ᠲᠤᠷᠰᠢᠬᠤ ᠰᠠᠭᠤᠷᠢᠨ ᠭᠠᠵᠠᠷ᠎ᠢ ᠥᠷᠭᠡᠳᠬᠡᠨ ᠪᠠᠶ᠋ᠢᠭᠤᠯᠬᠤ ᠵᠡᠷᠭᠡ 12 ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ 2024 ᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠨᠠᠷᠢᠨ ᠲᠠᠩᠰᠠᠨ᠎ᠳᠤ ᠣᠷᠣᠭᠤᠯᠪᠠ᠃ ᠪᠥᠬᠥ ᠬᠦᠷᠢᠶ᠎ᠡ ᠴᠠᠷᠠᠭ᠎ᠠ ᠪᠥᠬᠥ ᠬᠦᠴᠦᠨ ᠵᠦᠢ᠍ᠯ᠎ᠤᠨ ᠡᠬᠢ ᠪᠠᠶᠠᠯᠢᠭ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ᠂ ᠠᠵᠤ ᠦᠢ᠍ᠯᠡᠰ᠎ᠤᠨ ᠬᠥᠭᠵᠢᠯᠲᠡ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠣᠷᠣᠨ ᠵᠠᠶ ᠵᠢᠨ ᠪᠠᠶ᠋ᠢᠷᠢᠰᠢᠭᠤᠯᠤᠯᠲᠠ ᠮᠥᠨ ᠴᠢᠨᠠᠷ᠎ᠤᠨ ᠰᠢᠪᠲᠤᠯᠤᠯᠲᠠ᠎ᠲᠠᠢ ᠪᠣᠯᠪᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠲᠠᠨᠢᠯᠴᠠᠭᠤᠯᠭ᠎ᠠ ᠵᠢᠨ ᠠᠵᠢᠯᠯᠠᠭ᠎ᠠ ᠵᠢ 48 ᠤᠳᠠᠭ᠎ᠠ ᠡᠷᠬᠢᠯᠡᠵᠦ᠂ 26 ᠲᠥᠷᠥᠯ ᠵᠦᠢ᠎ᠳᠤ ᠭᠡᠷ᠎ᠡ ᠲᠣᠭᠲᠠᠨ᠂ ᠬᠣᠲᠠ ᠵᠢᠨ ᠭᠠᠳᠠᠨᠠᠬᠢ ᠪᠡᠯᠡ ᠮᠥᠩᠭᠥ ᠵᠢ 6 . 55 ᠳ᠋ᠦᠩᠰᠢᠭᠤᠷ ᠲᠥᠭᠥᠷᠢᠭ ᠲᠡᠳᠡᠨ ᠣᠷᠣᠭᠤᠯᠵᠤ᠂ 63 %᠎ᠪᠠᠷ ᠨᠡᠮᠡᠭᠳᠡᠨ᠂ ᠪᠡᠯᠡ ᠮᠥᠩᠭᠥᠨ᠎ᠤ ᠶᠡᠷᠦᠩᠬᠡᠢ ᠬᠡᠮᠵᠢᠶ᠎ᠡ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃
    (ᠬᠣᠶᠠᠷ) ᠰᠠᠭᠤᠷᠢ ᠥᠩᠭᠡ ᠵᠢ ᠪᠦᠬᠦ ᠬᠦᠴᠦᠨ ᠵᠶ᠋ᠠᠷ ᠵᠶ᠋ᠠᠨ ᠠᠷᠴᠢᠵᠤ᠂ ᠬᠠᠯᠬᠠᠪᠴᠢ ᠪᠠᠶ᠋ᠢᠭᠤᠯᠵᠤ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠰᠢᠨ᠎ᠡ ᠳᠡᠭᠲᠡᠷ᠎ᠲᠤ  ᠬᠦᠷᠪᠡ᠃ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢᠨ ᠤᠷᠢᠳᠴᠢᠯᠠᠨ ᠳᠠᠬᠢᠨ ᠬᠢᠨᠠᠯᠲᠠ᠎ᠪᠠᠷ ᠳᠡᠮᠵᠢᠨ᠂ ᠠᠮᠢ ᠠᠬᠤᠶ ᠵᠢᠨ ᠰᠢᠯᠵᠢᠭᠦᠯᠦᠨ ᠥᠭᠬᠦ ᠪᠠᠯᠠ ᠮᠥᠩᠭᠥ ᠵᠢ 1 . 31 ᠳ᠋ᠦᠩᠰᠢᠭᠤᠷ ᠲᠥᠭᠥᠷᠢᠭ ᠣᠯᠵᠤ᠂ ᠰᠢᠶᠠᠨ᠎ᠤ ᠬᠡᠪᠴᠢᠶᠡᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠢᠨᠠᠨ ᠰᠢᠯᠭ᠋ᠠᠯᠲᠠ᠎ᠳᠤ ᠥᠪᠡᠷᠲᠡᠭᠡᠨ ᠵᠠᠰᠠᠬᠤ ᠣᠷᠣᠨ᠎ᠳᠤ ᠲᠡᠷᠢᠭᠦᠯᠡᠪᠡ᠃ 《ᠭᠣᠣᠯ ᠮᠥᠷᠡᠨ᠎ᠤ ᠳᠠᠷᠤᠭ᠎ᠠ ᠵᠢᠨ ᠳᠦᠷᠢᠮ》᠎ᠢ ᠭᠦᠨᠵᠡᠭᠡᠢ ᠨᠠᠢ᠍ᠳᠠᠪᠤᠷᠢᠵᠢᠭᠤᠯᠬᠤ᠂ 700 ᠭᠠᠷᠤᠢ ᠬᠥᠮᠦᠨ ᠤᠳᠠᠭ᠎ᠠ ᠭᠣᠣᠯ᠎ᠢ ᠲᠣᠭᠣᠷᠢᠨ ᠪᠠᠶ᠋ᠢᠴᠠᠭ᠋ᠠᠵᠤ᠂ 20 ᠭᠠᠷᠤᠢ ᠲᠣᠨ ᠭᠣᠣᠯ᠎ᠤᠨ ᠬᠣᠭ ᠨᠣᠪᠰᠢ ᠵᠢ ᠴᠡᠪᠡᠷᠯᠡᠨ ᠠᠷᠢᠯᠭ᠋ᠠᠵᠤ᠂ ᠭᠡᠭᠡᠨ ᠭᠣᠣᠯ᠎ᠤᠨ ᠵᠠᠮ᠂ ᠬᠤᠯᠢᠫᠥ᠋ ᠭᠣᠣᠯ᠎ᠤᠨ ᠦᠶᠡᠷ᠎ᠤᠨ ᠭᠤᠤ ᠵᠢ ᠵᠠᠰᠠᠬᠤ ᠢᠨᠵᠧᠨᠧᠷᠢᠩ᠎ᠤᠨ ᠭᠣᠣᠯ ᠴᠣᠭᠴᠠ ᠵᠢᠨ ᠠᠵᠢᠯ᠎ᠢ ᠳᠠᠭᠤᠰᠬᠠᠵᠤ᠂ ᠮᠠᠨᠬᠥ᠋ᠢ ᠪᠠᠯᠭ᠋ᠠᠰᠤ᠂ ᠳ᠋ᠧᠯᠪᠦᠷ ᠪᠠᠯᠭ᠋ᠠᠰᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠪᠡ᠃ 《ᠣᠶ ᠵᠢᠨ ᠳᠠᠷᠤᠭ᠎ᠠ ᠵᠢᠨ ᠲᠦᠷᠢᠮ》᠎ᠢ ᠪᠥᠬᠥ ᠲᠠᠯ᠎ᠠ᠎ᠪᠠᠷ ᠳᠥᠯᠭᠢᠨ ᠠᠬᠢᠭᠤᠯᠵᠤ᠂ ᠪᠥᠬᠥ ᠵᠢᠯ᠎ᠳᠤ 8 ᠲᠦᠮᠡ ᠭᠠᠷᠤᠶ ᠰᠠᠭᠤᠷᠢ ᠠᠯᠪᠠᠨ ᠵᠢᠷᠤᠮ᠎ᠤᠨ ᠮᠣᠳᠣ ᠳᠠᠷᠢᠵᠤ᠂ 《ᠭᠤᠷᠪᠠᠨ ᠤᠮᠠᠷᠠᠲᠤ》 ᠵᠢᠨ ᠵᠢᠷᠭᠤᠳᠤᠭ᠋ᠠᠷ ᠬᠤᠭᠤᠴᠠᠭ᠋ᠠᠨ᠎ᠤ ᠬᠥᠮᠦᠨ᠎ᠤ ᠬᠦᠴᠦ᠎ᠪᠠᠷ ᠣᠶ᠋ᠢᠵᠢᠭᠤᠯᠬᠤ 500 ᠮᠥ᠍ ᠡᠭᠦᠷᠭᠡ ᠵᠢ ᠪᠡᠶᠡᠯᠡᠭᠦᠯᠪᠡ᠃ ᠣᠯᠭᠣᠶᠠ ᠰᠢᠶᠠᠩ ᠭᠤᠷᠪᠠᠳᠤᠭ᠋ᠠᠷ ᠪᠦᠯᠦᠭ᠎ᠤᠨ 《ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠰᠢᠶᠠᠩ ᠪᠠᠯᠭ᠋ᠠᠰᠤ》 ᠵᠢᠨ ᠢᠷᠠᠭᠤ ᠠᠯᠳᠠᠷ᠎ᠢ ᠭᠥᠷᠳᠡᠵᠦ᠂ ᠭᠡᠭᠡᠨ ᠭᠤᠤᠯ ᠬᠣᠲᠠ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ 《ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠵᠢᠷᠭᠤᠳᠤᠭ᠋ᠠᠷ ᠤᠳᠠᠭ᠋ᠠᠨ᠎ᠤ ᠭᠡᠷᠡᠲᠦ ᠲᠠᠯ᠎ᠠ ᠵᠢᠨ ᠶᠡᠬᠡ ᠬᠤᠷᠠᠯ᠎ᠤᠨ 《ᠪᠠᠶ᠋ᠢᠭ᠋ᠠᠯᠢ ᠵᠢᠨ ᠬᠣᠲᠠ》 ᠵᠢᠨ ᠲᠠᠪᠴᠠᠩ᠎ᠳᠤ ᠰᠣᠩᠭᠣᠭᠳᠠᠪᠠ᠃
    (ᠭᠤᠷᠪᠠ) ᠳᠠᠯᠳᠠ ᠬᠦᠴᠦᠨ᠎ᠢ ᠠᠭᠤᠳᠠᠯᠵᠤ᠂ ᠬᠡᠯᠬᠢᠶ᠎ᠡ ᠵᠢ ᠤᠷᠲᠤᠳᠬᠠᠵᠤ᠂ ᠠᠵᠤ ᠦᠢ᠍ᠯᠡᠰ᠎ᠢ ᠬᠥᠭᠵᠢᠭᠦᠯᠦᠨ ᠰᠢᠨ᠎ᠡ ᠳᠠᠪᠠᠭᠤᠯᠢᠭ᠎ᠢ ᠪᠣᠶ ᠪᠣᠯᠭ᠋ᠠᠨ᠎ᠠ᠃ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠶᠠᠰᠤ ᠴᠢᠨᠠᠷ ᠦᠷ᠎ᠡ ᠠᠰᠢᠭ ᠳᠡᠭᠡᠭᠰᠢᠯᠡᠪᠡ᠃ 4 . 6 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠣᠯᠭᠣᠶᠠ ᠦᠵᠡᠮᠵᠢ ᠵᠢᠨ ᠣᠷᠣᠨ᠎ᠢ ᠲᠡᠰ ᠳᠡᠪᠰᠢᠭᠦᠯᠵᠦ᠂ ᠬᠦᠢ᠍ᠲᠡᠨ ᠲᠦᠢ᠍ᠢ᠍ᠯ᠎ᠤᠨ ᠬᠠᠯᠠᠭᠤᠨ ᠷᠠᠰᠢᠶᠠᠨ᠎ᠤ ᠪᠠᠭᠤᠳᠠᠯ᠂ ᠮᠦ᠍ ᠳ᠋ᠦ᠋ ᠱᠦᠢ ᠵᠢᠨ ᠶᠢᠷᠲᠢᠨᠴᠦ ᠵᠡᠷᠭᠡ ᠲᠥᠷᠦᠯ ᠵᠦᠢ᠍ᠯ᠎ᠢ ᠡᠬᠢᠯᠡᠨ ᠪᠠᠶ᠋ᠢᠭᠤᠯᠵᠤ᠂ ᠦᠵᠡᠮᠵᠢ ᠵᠢᠨ ᠣᠷᠣᠨ᠎ᠤ ᠡᠵᠡᠩᠨᠡᠯᠲᠡ ᠵᠢᠨ ᠪᠠᠢ᠍ᠳᠠᠯ ᠲᠠᠰᠤᠷᠠᠯᠲᠠ ᠦᠭᠡᠢ ᠪᠠᠶᠠᠯᠢᠭᠵᠢᠵᠤ᠂ ᠡᠵᠡᠩᠨᠡᠯᠲᠡ ᠵᠢᠨ ᠣᠷᠣᠯᠭ᠎ᠠ 2000 ᠲᠦᠮᠡᠨ ᠲᠥᠭᠥᠷᠢᠭ᠎ᠢ ᠳᠠᠪᠠᠪᠠ᠃ ᠠᠷᠪᠠᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠬᠦᠢ᠍ᠲᠡᠨ ᠲᠤᠶ᠋ᠢᠯ᠎ᠤᠨ ᠰᠢᠷᠢᠰ ᠠᠵᠢᠯᠯᠠᠭ᠎ᠠ ᠠᠮᠵᠢᠯᠲᠠ᠎ᠲᠠᠢ ᠶᠠᠪᠤᠭᠳᠠᠵᠤ᠂ ᠣᠯᠭᠣᠶᠠ ᠵᠢᠨ ᠣᠶ ᠰᠢᠭᠤᠶ ᠵᠢᠨ ᠬᠡᠦᠬᠡᠳ᠎ᠤᠨ ᠥᠯᠢᠭᠡᠷ᠎ᠤᠨ ᠬᠤᠷᠢᠮ ᠵᠡᠷᠭᠡ ᠵᠢᠭᠤᠯᠴᠢᠯᠠᠯ᠎ᠤᠨ ᠨᠠᠷᠠᠲᠤ ᠲᠡᠮᠳᠡᠭ᠎ᠢ ᠡᠭᠦᠳᠴᠦ᠂ ᠬᠦᠢ᠍ᠲᠡᠨ ᠲᠤᠶ᠋ᠢᠯ᠎ᠤᠨ ᠲᠣᠰᠬᠣᠨ᠎ᠤ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠤᠷᠤᠭᠰᠢᠲᠠᠶ ᠶᠠᠪᠤᠭᠳᠠᠵᠤ᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠬᠥᠭᠵᠢᠯᠲᠡ ᠵᠢᠨ ᠪᠠᠶ᠋ᠢᠳᠠᠯ ᠰᠠᠢ᠌ᠨ ᠪᠠᠶ᠋ᠢᠨ᠎ᠠ᠃ 《ᠣᠯᠭᠣᠶᠠ ᠵᠢᠨ ᠡᠭᠦᠯᠡ》 ᠵᠢᠨ ᠲᠠᠪᠴᠠᠩ᠎ᠢ ᠠᠰᠢᠭᠯᠠᠯᠲᠠ᠎ᠳᠤ ᠣᠷᠣᠭᠤᠯᠤᠨ ᠠᠵᠢᠯᠯᠠᠭᠤᠯᠵᠤ᠂ 1800 ᠭᠠᠷᠤᠶ ᠸᠢᠳᠢᠣ᠋ ᠭᠠᠷᠭ᠋ᠠᠵᠤ᠂ 700 ᠭᠠᠷᠤᠶ ᠲᠠᠯᠠᠪᠤᠷ ᠰᠢᠭᠤᠳ ᠨᠡᠪᠲᠡᠷᠡᠭᠦᠯᠭᠡ ᠬᠢᠵᠦ᠂ ᠰᠦᠯᠵᠢᠶᠡᠨ ᠳᠡᠭᠡᠷᠡᠬᠢ ᠢᠯᠡᠴᠢᠯᠡᠯᠲᠡ ᠵᠢᠨ ᠬᠡᠮᠵᠢᠶ᠎ᠡ 1 . 6 ᠳ᠋ᠦᠩᠰᠢᠭᠤᠷ᠎ᠲᠤ ᠬᠦᠷᠴᠡᠶ᠃ ᠲᠥᠪ ᠲᠧᠯᠸᠢᠰ᠎ᠤᠨ 《ᠰᠣᠶᠣᠯ ᠢᠷᠭᠡᠨᠰᠢᠯ᠎ᠤᠨ ᠵᠠᠭᠤᠨ ᠪᠠᠯᠭ᠋ᠠᠰᠤ》 ᠭᠡᠬᠦ ᠪᠠᠷᠢᠮᠲᠠᠲᠤ ᠹᠢᠯᠢᠮ ᠭᠡᠭᠡᠨ ᠭᠣᠣᠯ᠎ᠳᠤ ᠰᠡᠭᠦᠳᠡᠷᠯᠡᠵᠦ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ ᠵᠢᠨ 《ᠳᠤᠮᠳᠠᠳᠤ ᠤᠯᠤᠰ! ᠢᠩᠭᠢᠵᠦ ᠨᠠᠭ᠋ᠠᠳᠤᠶ᠎ᠠ!》 ᠲᠣᠮᠣ ᠬᠡᠯᠪᠡᠷᠢ ᠵᠢᠨ ᠰᠣᠶᠣᠯ ᠵᠢᠭᠤᠯᠴᠢᠯᠠᠯ᠎ᠤᠨ ᠭᠤᠤᠯ ᠰᠡᠳᠦᠪᠲᠦ ᠰᠢᠭᠤᠳ ᠨᠡᠪᠲᠡᠷᠡᠭᠦᠯᠭᠡ ᠵᠢᠨ ᠠᠵᠢᠯᠯᠠᠭ᠎ᠠ᠂ 《ᠣᠯᠭᠣᠶᠠ ᠵᠢᠨ ᠴᠡ ᠪᠤᠭᠤ ᠠᠢ᠍ᠮᠠᠭ᠎ᠤᠳ᠎ᠢ ᠨᠢᠭᠤᠴᠠ ᠳᠠᠯᠳᠠ ᠪᠢᠰᠢ ᠪᠤᠯᠭ᠋ᠠᠶ᠎ᠠ》 ᠭᠡᠬᠦ ᠠᠵᠢᠯᠯᠠᠭ᠎ᠠ᠎ᠨᠢ 2024 ᠣᠨ᠎ᠤ ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠨᠥᠯᠥᠭᠡᠯᠡᠬᠦ ᠬᠦᠴᠦᠨ᠎ᠤ ᠬᠡᠷᠡᠭ᠎ᠤᠨ ᠵᠢᠱ᠌ᠢᠶ᠎ᠡ᠎ᠪᠠᠷ ᠦᠨᠡᠯᠡᠭᠳᠡᠵᠦ᠂ 《ᠳᠤᠮᠳᠠᠳᠤ ᠤᠯᠤᠰ᠎ᠤᠨ ᠬᠦᠢ᠍ᠲᠡᠨ ᠲᠤᠶ᠋ᠢᠯ》᠂ 《ᠣᠯᠭᠣᠶᠠ》 ᠵᠢᠨ ᠨᠠᠷᠠᠲᠤ ᠲᠡᠮᠳᠡᠭ᠎ᠤᠨ ᠠᠯᠳᠠᠷᠰᠢᠯ ᠦᠷᠭᠦᠯᠵᠢᠯᠡᠨ ᠳᠡᠭᠡᠭᠰᠢᠯᠡᠪᠡ᠃ ᠭᠡᠭᠡᠨ ᠭᠤᠤᠯ᠎ᠤᠨ ᠠᠮᠠᠷᠠᠯᠲᠠ ᠵᠢᠨ ᠡᠳᠦᠷ᠎ᠤᠨ ᠵᠢᠭᠤᠯᠴᠢᠯᠠᠯ᠎ᠤᠨ ᠭᠠᠵᠠᠷ᠎ᠨᠢ ᠥᠪᠡᠷᠲᠡᠭᠡᠨ ᠵᠠᠰᠠᠬᠤ ᠣᠷᠣᠨ᠎ᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠬᠤᠳᠠᠯᠳᠤᠭ᠋ᠠᠴᠢᠨ ᠵᠶ᠋ᠠᠷ ᠰᠣᠩᠭᠣᠭᠳᠠᠵᠤ᠂  ᠮᠣᠳᠣᠨ᠎ᠤ ᠦᠢ᠍ᠯᠡᠰ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠶ᠋ᠠᠷ ᠰᠣᠩᠭᠣᠭᠳᠠᠵᠤ᠂ ᠪᠠᠷᠠᠭᠤᠨ ᠦᠴᠢᠶ᠎ᠠ ᠬᠤᠸᠠᠷᠠᠨ᠂ ᠮᠡᠶ᠋ᠢᠷᠡᠨ ᠠᠭᠤᠯᠠᠨ ᠲᠣᠰᠬᠣᠨ᠎ᠨᠢ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠲᠠᠰ᠎ᠤᠨ ᠵᠢᠭᠤᠯᠴᠢᠯᠠᠯ᠎ᠤᠨ ᠠᠷᠠᠳ᠎ᠤᠨ ᠣᠷᠣᠨ ᠰᠠᠭᠤᠴᠠ᠎ᠪᠠᠷ ᠦᠨᠡᠯᠡᠭᠳᠡᠵᠦ᠂ ᠳᠠᠪᠠᠭ᠋ᠠᠨ ᠳᠡᠭᠡᠷ᠎ᠡ ᠴᠡᠴᠡᠭ ᠳᠡᠯᠭᠡᠷᠡᠭᠰᠡᠨ᠎ᠨᠢ ᠤᠯᠤᠰ᠎ᠤᠨ ᠬᠥᠬᠡ ᠲᠠᠰ᠎ᠤᠨ ᠵᠢᠭᠤᠯᠴᠢᠯᠠᠯ᠎ᠤᠨ ᠠᠷᠠᠳ᠎ᠤᠨ ᠣᠷᠣᠨ ᠰᠠᠭᠤᠴᠠ᠎ᠪᠠᠷ ᠦᠨᠡᠯᠡᠭᠳᠡᠵᠦ᠂ ᠬᠡᠭᠡᠨ ᠭᠤᠤᠯ᠎ᠤᠨ ᠡᠬᠢ ᠵᠢᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠨᠢ ᠤᠯᠤᠰ᠎ᠤᠨ ᠲᠠᠰ᠎ᠤᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢᠨ ᠲᠤᠷᠰᠢᠯᠲᠠ ᠵᠢᠨ ᠴᠢᠭ ᠵᠶ᠋ᠠᠷ ᠵᠥᠪᠰᠢᠶᠡᠷᠡᠭᠳᠡᠵᠦ᠂ ᠶᠡᠬᠡ ᠬᠢᠩᠭ᠋ᠠᠨ ᠳᠠᠪᠠᠭ᠎ᠠ ᠵᠢᠨ ᠬᠡᠷ ᠲᠡᠷᠭᠡᠨ᠎ᠤ ᠪᠠᠭᠤᠴᠠ᠎ᠨᠢ ᠤᠯᠤᠰ᠎ᠤᠨ 4 C ᠲᠠᠰ᠎ᠤᠨ ᠬᠤᠪᠢ᠎ᠪᠠᠷ ᠵᠶ᠋ᠠᠨ ᠲᠡᠷᠭᠡ ᠵᠢᠯᠣᠭᠣᠳᠴᠤ ᠵᠢᠭᠤᠯᠴᠢᠯᠠᠬᠤ ᠮᠠᠰᠢᠨ ᠲᠡᠷᠭᠡᠨ᠎ᠤ ᠪᠠᠭᠤᠴᠠ᠎ᠪᠠᠷ ᠦᠨᠡᠯᠡᠭᠳᠡᠵᠦ᠂ ᠬᠥᠯᠥᠨ ᠪᠣᠶ᠋ᠢᠷ ᠬᠣᠲᠠ ᠵᠢᠨ ᠠᠩᠬᠠᠳᠠᠭᠴᠢ ᠬᠠᠮᠤᠭ᠎ᠤᠨ ᠥᠨᠳᠥᠷ ᠲᠠᠰ᠎ᠤᠨ ᠵᠢᠭᠤᠯᠴᠢᠯᠠᠯ᠎ᠤᠨ ᠭᠠᠵᠠᠷ ᠪᠤᠯᠵᠠᠢ᠃ ᠣᠯᠭᠣᠶᠠ ᠰᠢᠶᠠᠩ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠰᠢᠯᠢᠳᠡᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠲᠣᠰᠬᠣᠨ ᠪᠠᠯᠭ᠋ᠠᠰᠤ》᠎ᠪᠠᠷ ᠰᠣᠩᠭᠣᠭᠳᠠᠵᠤ᠂ ᠭᠡᠭᠡᠨ ᠭᠣᠣᠯ ᠬᠣᠲᠠ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠭᠰᠡᠨ ᠵᠢᠱ᠌ᠢᠶ᠎ᠡ ᠦᠵᠡᠭᠦᠯᠬᠦ ᠣᠷᠣᠨ ᠵᠶ᠋ᠠᠷ ᠰᠣᠩᠭᠣᠭᠳᠠᠪᠠ᠃ ᠪᠦᠬᠦ ᠵᠢᠯ᠎ᠳᠤ ᠵᠤᠭ᠋ᠠᠴᠠᠭᠰᠠᠳ᠎ᠢ 251 . 94 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭ᠋ᠠᠴᠠᠯ᠎ᠤᠨ ᠣᠷᠣᠯᠭ᠎ᠠ ᠵᠢ 36 . 96 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠲᠣᠰᠪᠣᠷᠢ 14 % ᠪᠠ 12 % ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ ᠲᠣᠭᠲᠠᠭᠤᠨ ᠵᠶ᠋ᠠᠷ ᠬᠥᠭᠵᠢᠪᠡ᠃ ᠠᠮᠤ ᠪᠤᠳᠠᠭ᠎ᠠ᠂ ᠰᠢᠯᠢᠮᠳᠡᠭ ᠳᠠᠷᠢᠬᠤ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠪᠢᠯᠢᠭᠲᠦ ᠳᠠᠯᠳᠠᠤ᠂ ᠮᠥᠭᠥ᠂ ᠬᠠᠷ᠎ᠠ ᠳᠠᠯᠳᠠᠤ ᠵᠡᠷᠭᠡ 156 ᠲᠦᠮᠡᠨ ᠤᠭᠤᠲᠠ᠂ ᠬᠥᠬᠡ ᠵᠢᠮᠢᠰᠭᠡᠨ᠎ᠡ 108 ᠮᠥ᠍᠂ ᠴᠠᠨ᠎ᠠ 2000 ᠭᠠᠷᠤᠶ ᠮᠥ᠍ ᠳᠠᠷᠢᠪᠠ᠃ ᠮᠠᠯ ᠠᠵᠤ ᠠᠬᠤᠢ ᠲᠦᠷᠭᠡᠨ ᠬᠥᠭᠵᠢᠵᠦ᠂ ᠮᠠᠯᠵᠢᠯ᠎ᠤᠨ ᠮᠠᠯ᠎ᠤᠨ ᠲᠣᠭ᠎ᠠ  1 . 62 ᠲᠦᠮᠡ᠎ᠳᠤ ᠬᠦᠷᠴᠦ᠂ ᠮᠢᠬᠠᠨ᠎ᠤ ᠭᠠᠷᠤᠯᠲᠠ 739 ᠲᠣᠨ᠎ᠳᠤ ᠬᠦᠷᠴᠦ᠂ 8 %᠎ᠪᠠᠷ ᠨᠡᠮᠡᠭᠳᠡᠪᠡ᠃ ᠣᠯᠭᠣᠶᠠ ᠵᠢᠨ ᠴᠠ ᠪᠤᠭᠤ ᠬᠠᠮᠠᠭ᠋ᠠᠯᠠᠬᠤ ᠠᠵᠢᠯ ᠤᠷᠤᠭᠰᠢᠲᠠᠶ ᠶᠠᠪᠤᠭᠳᠠᠵᠤ᠂ 1500 ᠭᠠᠷᠤᠶ ᠴᠠ ᠪᠤᠭᠤ ᠲᠡᠵᠢᠭᠡᠵᠦ ᠪᠣᠶ᠃ ᠣᠶ ᠵᠢᠨ ᠬᠣᠷᠮᠣᠶ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠲᠠᠰᠤᠷᠠᠯᠲᠠ ᠥᠬᠡᠶ ᠭᠦᠨ ᠠᠭᠤᠳᠠᠯᠵᠤ᠂ ᠬᠥᠬᠡ ᠪᠤᠳᠤᠭᠲᠤ ᠵᠢᠮᠢᠰ᠎ᠤᠨ ᠳᠠᠯᠠᠨ ᠬᠠᠯᠢᠰᠤ ᠵᠢ ᠳᠡᠯᠭᠡᠷᠡᠭᠦᠯᠬᠦ ᠵᠢᠱ᠌ᠢᠶ᠎ᠡ ᠦᠵᠡᠭᠦᠯᠬᠦ ᠲᠥᠷᠥᠯ  ᠵᠦᠢ᠍ᠯ᠎ᠨᠢ ᠰᠢᠯᠭ᠋ᠠᠨ ᠬᠤᠷᠢᠶᠠᠬᠤ᠎ᠳᠤ ᠪᠠᠲᠤᠯᠠᠭᠳᠠᠵᠤ᠂ ᠦᠢ᠍ᠯᠡᠳᠪᠦᠷᠢᠯᠡᠬᠦ᠂ ᠬᠠᠩᠭ᠋ᠠᠨ ᠪᠣᠷᠣᠯᠠᠭᠤᠯᠬᠤ᠂ ᠢᠲᠡᠭᠡᠮᠵᠢ 《ᠭᠤᠷᠪᠠ ᠵᠢ ᠨᠢᠭᠡ ᠴᠣᠭᠴᠠᠵᠢᠭᠤᠯᠤᠭᠰᠠᠨ》 ᠶᠡᠷᠦᠩᠬᠡᠶ᠋ᠢᠯᠡᠭᠰᠡᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠵᠤ᠂ ᠪᠢᠯᠢᠭᠲᠦ ᠳᠠᠯᠳᠠᠤ᠂ ᠬᠤᠰᠤᠨ ᠮᠣᠳᠣᠨ᠎ᠤ ᠰᠢᠭᠦᠰᠦ ᠵᠢᠨ ᠠᠭᠰᠢᠭ᠋ᠠᠮᠠᠯ ᠰᠢᠩᠭᠡᠨ᠂ ᠪᠢᠯᠢᠭᠲᠦ ᠳᠠᠯᠳᠠᠤ ᠵᠢᠨ ᠠᠷᠢᠬᠢ ᠵᠡᠷᠭᠡ ᠰᠢᠷᠢᠰ ᠪᠦᠲᠦᠭᠡᠭᠳᠡᠬᠦᠨ᠎ᠢ ᠦᠢ᠍ᠯᠡᠳᠪᠦᠷᠢᠯᠡᠪᠡ᠃ ᠯᠢᠨ ᠬᠠᠢ ᠶᠤᠸᠠᠨ ᠺᠣᠮᠫᠠᠨᠢ 《ᠥᠪᠥᠷ ᠮᠣᠩᠭᠣᠯ》 ᠦᠰᠦᠭᠲᠦ ᠲᠡᠮᠳᠡᠭ᠎ᠤᠨ ᠭᠡᠷᠡᠴᠢᠯᠡᠯ᠎ᠢ ᠣᠯᠵᠤ᠂ 《ᠳᠠᠩ》᠎ᠤᠨ ᠰᠢᠪᠲᠤᠯᠤᠯᠲᠠ ᠵᠢ ᠪᠡᠶᠡᠯᠡᠭᠦᠯᠪᠡ᠃ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠪᠠᠭᠲᠠᠭ᠋ᠠᠮᠵᠢ ᠵᠢ ᠲᠦᠷᠭᠡᠪᠴᠢᠯᠡᠨ ᠥᠷᠭᠡᠳᠬᠡᠪᠡ᠃ ᠳᠤᠮᠳᠠᠳᠤ ᠤᠯᠤᠰ᠎ᠤᠨ ᠬᠦᠢ᠍ᠲᠡᠨ  ᠲᠦᠢ᠍ᠯ᠎ᠤᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠬᠦᠢ᠍ᠲᠡᠨ᠎ᠳᠤ ᠲᠡᠰᠪᠦᠷᠢᠲᠡᠢ ᠴᠢᠨᠠᠷ᠎ᠢ ᠰᠢᠯᠭ᠋ᠠᠨ ᠲᠤᠷᠰᠢᠬᠤ ᠰᠠᠭᠤᠷᠢᠨ ᠭᠠᠵᠠᠷ᠎ᠢ ᠪᠠᠶ᠋ᠢᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠤᠨ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠲᠠᠪᠤᠳᠤᠭ᠋ᠠᠷ ᠬᠦᠷᠢᠶᠡᠯᠡᠩ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠷᠰᠢᠯᠲᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠰᠢ ᠠᠨ᠎ᠤ ᠲᠤᠷᠰᠢᠨ ᠨᠢᠰᠬᠦ ᠬᠦᠷᠢᠶᠡᠯᠡᠩ᠎ᠤᠨ ᠣᠯᠠᠨ ᠬᠡᠯᠪᠡᠷᠢ ᠵᠢᠨ ᠨᠢᠰᠬᠡᠭᠦᠷ᠎ᠤᠨ ᠬᠦᠢ᠍ᠲᠡᠨ ᠲᠦᠢ᠍ᠯ᠎ᠤᠨ ᠰᠢᠯᠭ᠋ᠠᠨ ᠲᠤᠷᠰᠢᠬᠤ ᠠᠵᠢᠯ ᠤᠷᠤᠭᠰᠢᠲᠠᠢ ᠶᠠᠪᠤᠭᠳᠠᠵᠤ᠂ ᠳᠤᠮᠳᠠᠳᠤ ᠤᠯᠤᠰ᠎ᠤᠨ ᠠᠭ᠋ᠠᠷ᠎ᠤᠨ ᠠᠶᠠᠯᠠᠯ᠎ᠤᠨ ᠠᠵᠤ  ᠦᠢ᠍ᠯᠡᠳᠪᠦᠷᠢ ᠵᠢᠨ ᠵᠢᠯᠣᠭᠣᠴᠢ ᠦᠭᠡᠢ ᠨᠢᠰᠬᠡᠯ᠎ᠤᠨ ᠵᠤᠨ᠎ᠤ ᠤᠯᠠᠷᠢᠯ᠎ᠤᠨ ᠨᠢᠰᠦᠯᠲᠡ ᠵᠢᠨ ᠰᠢᠯᠭ᠋ᠠᠨ ᠲᠤᠷᠰᠢᠬᠤ ᠠᠵᠢᠯ᠎ᠢ ᠪᠡᠶᠡᠯᠡᠭᠦᠯᠵᠦ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠪᠦᠬᠦ ᠤᠯᠠᠷᠢᠯ᠎ᠤᠨ ᠰᠢᠯᠭ᠋ᠠᠨ ᠲᠤᠷᠰᠢᠬᠤ ᠠᠵᠢᠯ᠎ᠳᠤ ᠰᠢᠪᠲᠤᠯᠤᠯᠲᠠ ᠭᠠᠷᠭ᠋ᠠᠪᠠ᠃ ᠳᠤᠮᠳᠠᠳᠤ ᠤᠯᠤᠰ᠎ᠤᠨ ᠬᠦᠢ᠍ᠲᠡᠨ ᠲᠦᠢ᠍ᠯ᠎ᠤᠨ ᠮᠠᠷᠠᠰᠤᠨ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠵᠦ᠂ 《ᠮᠥᠰᠥ ᠴᠠᠰᠤ + ᠬᠥᠳᠡᠯᠭᠡᠭᠡᠨ》᠎ᠨᠢ ᠮᠥᠰᠥ ᠴᠠᠰᠤᠨ᠎ᠤ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠥᠳᠡᠯᠭᠡᠭᠦᠷ ᠪᠣᠯᠪᠠ᠃ ᠤᠯᠠᠮᠵᠢᠯᠠᠯᠲᠤ ᠠᠵᠤ ᠦᠢ᠍ᠯᠡᠰ᠎ᠢ ᠰᠢᠯᠢᠳᠡᠭᠵᠢᠭᠦᠯᠦᠨ ᠳᠡᠰ ᠳᠡᠪᠰᠢᠭᠦᠯᠪᠠ᠃ ᠱᠠᠨᠵᠢᠨ ᠪᠣᠯᠤᠨ ᠪᠢᠯᠢᠶᠠ ᠠᠭᠤᠷᠬᠠᠢ ᠵᠢᠨ ᠦᠢ᠍ᠯᠡᠰ᠎ᠤᠨ ᠺᠣᠮᠫᠠᠨᠢ ᠵᠢᠨ ᠰᠲ᠋ᠣᠺ᠎ᠤᠨ ᠡᠷᠬᠡ ᠵᠢ ᠰᠢᠯᠵᠢᠭᠦᠯᠦᠨ ᠥᠭᠬᠦ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠪᠠ᠃ ᠱᠠᠨ ᠵᠢᠨ ᠠᠭᠤᠷᠬᠠᠶ ᠵᠢᠨ  ᠦᠢ᠍ᠯᠡᠰ᠎ᠤᠨ ᠦᠯᠡᠳᠡᠭᠳᠡᠯ ᠬᠦᠳᠡᠷ᠎ᠤᠨ ᠬᠥᠮᠥᠷᠭᠡ ᠵᠢ ᠵᠠᠰᠠᠬᠤ ᠢᠨᠵᠧᠨᠧᠷᠢᠩ ᠰᠢᠪᠲᠤᠷᠭ᠋ᠠᠨ᠎ᠳᠠᠭᠠᠨ ᠣᠷᠣᠵᠤ᠂ ᠱᠠᠨ ᠵᠢᠨ ᠠᠭᠤᠷᠬᠠᠶ ᠵᠢᠨ ᠦᠢ᠍ᠯᠡᠰ᠎ᠤᠨ ᠣᠶᠤᠨᠴᠢ᠎ᠪᠠᠷ ᠬᠠᠶᠠᠭᠳᠠᠮᠠᠯ᠎ᠢ ᠬᠠᠶᠠᠬᠤ ᠲᠥᠷᠥᠯ ᠵᠦᠢ᠍ᠯ᠎ᠤᠨ ᠠᠬᠢᠴᠠ ᠤᠷᠤᠭᠰᠢᠲᠠᠶ ᠪᠠᠶ᠋ᠢᠨ᠎ᠠ᠃ ᠪᠦᠬᠦ ᠵᠢᠯ᠎ᠳᠤ ᠤᠯᠠᠮᠵᠢᠯᠠᠯᠲᠤ ᠠᠵᠤ ᠦᠢ᠍ᠯᠡᠰ᠎ᠤᠨ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠲᠥᠷᠥᠯ ᠵᠦᠢ᠍ᠯ ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠪᠡ᠃
     (ᠳᠦᠷᠪᠡ) ᠥᠭᠡᠷᠡᠴᠢᠯᠡᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ ᠬᠥᠭᠵᠢᠯᠲᠡ ᠵᠢᠨ ᠠᠭᠤᠷ ᠠᠮᠢᠰᠬᠤᠯ᠎ᠳᠤ ᠰᠢᠨ᠎ᠡ ᠬᠤᠪᠢᠷᠠᠯᠲᠠ ᠭᠠᠷᠪᠠ᠃ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶ᠋ᠢᠷᠡᠵᠦ᠂ 3858 ᠲᠦᠮᠡᠨ ᠲᠥᠭᠥᠷᠢᠭ᠎ᠤᠨ ᠭᠠᠶ᠋ᠢᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠵᠦ᠂ 546 ᠲᠦᠮᠡᠨ ᠲᠥᠭᠥᠷᠢᠭ᠎ᠤᠨ ᠭᠠᠶ᠋ᠢᠯᠢ ᠵᠢ ᠦᠯᠡᠳᠡᠭᠡᠨ ᠪᠤᠴᠠᠭ᠋ᠠᠪᠠ᠃ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠵᠤ᠂ 《ᠨᠢᠭᠡ ᠤᠴᠢᠷ᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠭᠡᠬᠦ》 ᠵᠢᠨ ᠬᠡᠷᠡᠭ ᠭᠦᠢ᠍ᠴᠡᠳᠭᠡᠭᠰᠡᠨ ᠬᠡᠮᠵᠢᠶ᠎ᠡ 2196 ᠬᠤᠪᠢ ᠪᠠᠶ᠋ᠢᠵᠤ᠂ ᠪᠥᠬᠥ ᠶᠠᠪᠤᠴᠠ᠎ᠳᠤ ᠰᠦᠯᠵᠢᠶ᠎ᠡ᠎ᠪᠠᠷ ᠭᠦᠢ᠍ᠴᠡᠳᠭᠡᠭᠰᠡᠨ ᠨᠣᠷᠮ᠎ᠠ 98 . 69 %᠎ᠳᠤ ᠬᠥᠷᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ 《12345》 ᠦᠢ᠍ᠯᠡᠴᠢᠯᠡᠭᠡᠨ᠎ᠤ ᠬᠠᠯᠠᠭᠤᠨ ᠤᠲᠠᠰᠤ 3801 ᠬᠤᠪᠢ ᠠᠵᠢᠯ᠎ᠤᠨ ᠬᠠᠭᠤᠳᠠᠰᠤ ᠵᠢ ᠬᠦᠯᠢᠶᠡᠨ ᠠᠪᠴᠤ ᠰᠢᠢ᠍ᠳᠪᠦᠷᠢᠯᠡᠨ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 97 . 82 %᠎ᠲᠤ ᠬᠦᠷᠪᠡ᠃ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠎ᠢ ᠯᠠᠪᠳᠠᠭᠤᠨ ᠪᠠᠲᠤᠲᠠᠢ ᠥᠷᠨᠢᠭᠦᠯᠵᠦ᠂ ᠣᠯᠭᠣᠶᠠ ᠵᠤᠭ᠋ᠠᠴᠠᠯ᠎ᠤᠨ ᠺᠣᠮᠫᠠᠨᠢ ᠥᠪᠡᠷᠲᠡᠭᠡᠨ ᠵᠠᠰᠠᠬᠤ ᠣᠷᠣᠨ᠎ᠤ 《ᠦᠨᠡᠨᠴᠢ ᠢᠲᠡᠭᠡᠮᠵᠢ ᠵᠢᠨ ᠪᠠᠷᠢᠮᠵᠢᠶ᠎ᠠ᠎ᠳᠤ ᠬᠦᠷᠦᠭᠰᠡᠨ ᠠᠵᠤ ᠠᠬᠤᠶ᠋ᠢᠯᠠᠯ》᠂ 《ᠦᠨᠡᠨᠴᠢ ᠢᠲᠡᠭᠡᠮᠵᠢ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ》᠎ᠤᠨ ᠢᠷᠠᠭᠤ ᠠᠯᠳᠠᠷ᠎ᠢ ᠬᠦᠷᠲᠡᠪᠡ᠃ ᠾᠧ ᠯᠦᠨ ᠪᠠᠭᠤᠳᠠᠯ᠂ ᠪᠠᠷᠠᠭᠤᠨ ᠡᠦ ᠴᠢ ᠶᠠ ᠵᠢᠭᠤᠯᠴᠢᠯᠠᠯ᠎ᠤᠨ ᠺᠣᠮᠫᠠᠨᠢ ᠵᠢ ᠬᠢᠵᠠᠭ᠋ᠠᠷᠲᠤ ᠠᠵᠤ ᠠᠬᠤᠶ᠋ᠢᠯᠠᠯ᠎ᠤᠨ ᠬᠥᠮᠥᠷᠭᠡ᠎ᠳᠤ ᠣᠷᠣᠭᠤᠯᠵᠤ᠂ ᠬᠣᠨᠣᠭ ᠢᠳᠡᠭᠡᠨ ᠤᠮᠳᠠᠭ᠋ᠠᠨ᠎ᠤ ᠠᠵᠢᠯ ᠲᠥᠷᠥᠯ᠎ᠤᠨ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ  ᠪᠠᠳᠠᠷᠠᠭᠤᠯᠪᠠ᠃
    (ᠲᠠᠪᠤ) ᠪᠦᠬᠦ ᠬᠦᠴᠦᠨ ᠵᠶ᠋ᠠᠷ ᠵᠶ᠋ᠠᠨ ᠰᠠᠭᠤᠷᠢ᠎ᠪᠠᠨ ᠪᠠᠲᠤᠳᠬᠠᠨ᠂ ᠨᠢᠭᠡᠳᠦᠯᠲᠡᠢ᠎ᠳᠤ ᠲᠥᠯᠥᠪᠵᠢᠭᠦᠯᠬᠦ ᠵᠢ ᠠᠳᠬᠤᠵᠤ᠂ ᠬᠣᠲᠠ ᠪᠠᠯᠭ᠋ᠠᠰᠤᠨ᠎ᠤ ᠴᠢᠨᠠᠷ ᠴᠢᠨᠰᠠᠭ᠎ᠠ ᠰᠢᠨ᠎ᠡ ᠳᠡᠭᠡᠭᠰᠢᠯᠡᠯᠲᠡ᠎ᠲᠠᠢ ᠪᠣᠯᠪᠠ᠃ 《ᠭᠡᠭᠡᠨ ᠭᠣᠣᠯ ᠬᠣᠲᠠ ᠵᠢᠨ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠪᠡ》 ᠵᠢ ᠥᠪᠡᠷᠲᠡᠭᠡᠨ ᠵᠠᠰᠠᠬᠤ ᠣᠷᠣᠨ᠎ᠤ ᠵᠠᠰᠠᠭ ᠎ᠤᠨ ᠣᠷᠳᠣᠨ᠎ᠤ ᠴᠣᠬᠣᠯᠠᠪᠤᠷᠢᠯᠠᠭᠰᠠᠨ ᠵᠶ᠋ᠠᠷ᠂ 《ᠭᠣᠣᠯ ᠬᠣᠲᠠ ᠲᠣᠭᠣᠷᠢᠭ᠎ᠤᠨ ᠡᠵᠡᠮᠰᠢᠯ᠎ᠤᠨ ᠴᠢᠨᠠᠷᠲᠠᠢ ᠨᠠᠷᠢᠨ ᠲᠥᠯᠥᠪᠵᠢᠭᠦᠯᠪᠡ》 ᠵᠢ ᠨᠠᠶ᠋ᠢᠷᠠᠭᠤᠯᠤᠨ ᠵᠣᠬᠢᠶᠠᠭ᠋ᠠᠳ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠳᠤᠯᠠᠭ᠋ᠠᠯᠠᠭ᠎ᠠ ᠵᠢᠨ ᠢᠨᠵᠧᠨᠧᠷᠢᠩ ᠪᠣᠳᠠᠲᠤ ᠦᠷ᠎ᠡ ᠪᠦᠲᠦᠮᠵᠢ ᠣᠯᠵᠤ᠂ 6000 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ 1 ᠬᠠᠭᠤᠴᠢᠨ ᠰᠠᠭᠤᠭ᠋ᠠᠯᠢ ᠲᠣᠭᠣᠷᠢᠭ᠂ 20 . 6 ᠺᠢᠯᠣᠮᠧᠳ᠋ᠷ ᠬᠠᠭᠤᠴᠢᠨ ᠬᠣᠭᠣᠯᠠᠢ ᠵᠢ ᠥᠭᠡᠷᠡᠴᠢᠯᠡᠨ ᠵᠠᠰᠠᠵᠤ᠂ 74 ᠰᠠᠭᠤᠷᠢ ᠠᠰᠠᠷ᠎ᠢ 15 . 8 ᠺᠢᠯᠣᠮᠧᠲᠷ ᠵᠠᠰᠠᠨ ᠪᠠᠶ᠋ᠢᠭᠤᠯᠵᠤ᠂ 2908 ᠡᠷᠦᠬᠡ᠎ᠳᠤ ᠠᠰᠢᠭ ᠬᠦᠷᠲᠡᠭᠡᠪᠡ᠃ ᠵᠠᠮ ᠬᠠᠷᠢᠯᠴᠠᠭ᠋ᠠᠨ᠎ᠤ ᠲᠥᠷᠥᠯ ᠵᠦᠢ᠍ᠯ ᠵᠢ ᠲᠦᠷᠭᠡᠨ ᠠᠬᠢᠭᠤᠯᠵᠦ᠂ ᠭᠡᠭᠡᠨ ᠭᠣᠣᠯ᠎ᠠᠴᠠ ᠶᠠᠭᠰᠢ ᠬᠦᠷᠬᠦ᠂ ᠦᠯᠬᠦᠮ᠎ᠡ᠎ᠠᠴᠠ ᠰᠢᠶᠠ ᠶᠠᠩ ᠭᠧ ᠴᠢ ᠬᠦᠷᠬᠦ᠂ ᠧᠯᠪᠦᠷ᠎ᠠᠴᠠ ᠮᠦ᠍ ᠷᠦᠢ ᠬᠦᠷᠬᠦ ᠵᠠᠰᠠᠮᠠᠯ ᠵᠠᠮ᠎ᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠪᠠ᠃ ᠬᠣᠲᠠ ᠵᠢᠨ ᠶᠠᠪᠤᠳᠠᠯ᠎ᠤᠨ ᠲᠥᠬᠥᠭᠡᠷᠦᠮᠵᠢ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ 3100 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ ᠰᠦᠩ ᠯᠢᠨ ᠵᠡᠭᠡᠯᠢ ᠭᠤᠳᠤᠮᠵᠢ ᠵᠢᠨ ᠪᠦᠲᠦᠭᠡᠨ ᠪᠠᠶ᠋ᠢᠭᠤᠯᠤᠯᠲᠠ᠂ ᠡᠪᠳᠡᠭᠳᠡᠭᠰᠡᠨ ᠵᠠᠮ᠎ᠢ ᠰᠡᠯᠪᠢᠨ ᠵᠠᠰᠠᠬᠤ᠂ 9 ᠺᠢᠯᠣᠮᠧᠲᠷ ᠪᠤᠵᠠᠷ ᠤᠰᠤᠨ᠎ᠤ ᠬᠣᠭᠣᠯᠠᠢ ᠵᠢ ᠥᠭᠡᠷᠡᠴᠢᠯᠡᠨ ᠵᠠᠰᠠᠵᠤ᠂ ᠣᠯᠠᠨ ᠲᠦᠮᠡᠨ᠎ᠤ ᠶᠠᠪᠤᠵᠤ ᠰᠠᠭᠤᠬᠤ᠂ ᠠᠮᠢᠳᠤᠷᠠᠯ ᠶᠡᠬᠡᠪᠡᠷ ᠰᠠᠶ᠋ᠢᠵᠢᠷᠠᠪᠠ᠃ ᠣᠷᠴᠢᠨ ᠠᠬᠤᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠶᠡᠬᠡ᠎ᠪᠠᠷ ᠥᠷᠨᠢᠭᠦᠯᠵᠦ᠂ ᠦᠵᠡᠮᠵᠢᠲᠦ ᠴᠡᠴᠡᠭ 11 . 5 ᠲᠦᠮᠡᠨ ᠰᠠᠭᠤᠷᠢ ᠵᠠᠶ᠋ᠢᠯᠠᠵᠤ ᠤᠷᠭᠤᠭᠤᠯᠤᠨ᠂ ᠬᠤᠳᠠ ᠲᠣᠭᠣᠷᠢᠭ᠎ᠤᠨ ᠵᠡᠭᠡᠯᠢ ᠳᠠᠭ᠋ᠠᠤ ᠵᠢᠨ ᠪᠠᠶ᠋ᠢᠰᠢᠩ ᠭᠡᠷ᠎ᠢ ᠥᠭᠡᠷᠡᠴᠢᠯᠡᠨ ᠰᠠᠶ᠋ᠢᠵᠢᠷᠠᠭᠤᠯᠬᠤ ᠢᠨᠵᠧᠨᠧᠷᠢᠩ᠎ᠢ ᠬᠡᠷᠡᠭᠵᠢᠭᠦᠯᠦᠨ᠂ ᠬᠤᠳᠠ ᠵᠢᠨ ᠳᠦᠷᠰᠦ ᠪᠠᠶ᠋ᠢᠳᠠᠯ ᠴᠣ᠌ ᠰᠢᠨ᠎ᠡ ᠪᠣᠯᠪᠠ᠃
    (ᠵᠢᠷᠭᠤᠭ᠎ᠠ) ᠠᠷᠠᠳ᠎ᠤᠨ ᠠᠮᠢᠳᠤᠷᠠᠯ᠎ᠢ ᠪᠦᠬᠦ ᠬᠦᠴᠦᠨ ᠵᠶ᠋ᠠᠷ ᠵᠶ᠋ᠠᠨ ᠬᠠᠷᠠᠭ᠋ᠠᠯᠵᠠᠵᠤ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠤᠨ᠂ ᠨᠡᠶ᠋ᠢᠭᠡᠮ᠎ᠤᠨ ᠠᠵᠢᠯ ᠦᠢ᠍ᠯᠡᠰ ᠰᠢᠨ᠎ᠡ ᠦᠷ᠎ᠡ ᠪᠦᠲᠦᠮᠵᠢ ᠣᠯᠪᠠ᠃ ᠠᠷᠠᠳ᠎ᠲᠤ ᠠᠰᠢᠭ ᠬᠦᠷᠲᠡᠭᠡᠬᠦ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠵᠠᠷᠤᠯᠭ᠎ᠠ 11 . 45 ᠳ᠋ᠦᠩᠰᠢᠭᠤᠷ ᠲᠥᠭᠥᠷᠢᠭ᠎ᠲᠤ ᠬᠦᠷᠴᠦ᠂ ᠡᠩ᠎ᠤᠨ ᠤᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ ᠵᠢᠨ 64 % ᠵᠢ ᠡᠵᠡᠯᠡᠪᠡ᠃ ᠠᠵᠢᠯ ᠣᠯᠭᠣᠯᠲᠠ ᠵᠢ ᠶᠡᠷᠦᠩᠬᠡᠶ᠎ᠳᠡᠭᠡᠨ ᠲᠣᠭᠲᠠᠭᠤᠨ ᠪᠠᠶ᠋ᠢᠯᠭ᠋ᠠᠵᠤ᠂ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ ᠵᠢ 3 . 86 % ᠵᠢᠨ ᠳᠣᠲᠣᠷ᠎ᠠ ᠬᠢᠵᠠᠭ᠋ᠠᠷᠯᠠᠨ᠎ᠠ᠃ ᠮᠠᠨᠬᠥ᠋ᠢ ᠪᠠᠯᠭ᠋ᠠᠰᠤ᠂ ᠣᠯᠭᠣᠶᠠ ᠰᠢᠶᠠᠩ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠰᠢᠶᠠᠩ ᠪᠠᠯᠭ᠋ᠠᠰᠤ᠂ ᠵᠡᠭᠡᠯᠢ ᠭᠤᠳᠤᠮᠵᠢ ᠵᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ᠃ ᠵᠡᠮᠳᠡᠭᠴᠦᠳ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠥᠪ ᠪᠠ ᠮᠠᠨᠬᠥ᠋ᠢ ᠪᠠᠯᠭ᠋ᠠᠰᠤᠨ᠎ᠤ ᠵᠡᠮᠳᠡᠭᠴᠦᠳ᠎ᠤᠨ ᠨᠠᠶ᠋ᠢᠳᠠᠨ ᠠᠰᠠᠷᠠᠭᠤᠯᠬᠤ ᠲᠥᠪ᠎ᠢ ᠥᠭᠡᠷᠡᠴᠢᠯᠡᠨ ᠪᠠᠶ᠋ᠢᠭᠤᠯᠵᠤ᠂ ᠵᠡᠮᠳᠡᠭᠴᠦᠳ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠪᠡ᠃ ᠵᠢᠭ᠋ᠠᠨ ᠰᠤᠷᠭ᠋ᠠᠯᠲᠠ ᠵᠢᠨ ᠲᠥᠬᠥᠭᠡᠷᠦᠮᠵᠢ ᠵᠢ ᠦᠷᠭᠦᠯᠵᠢᠯᠡᠨ ᠲᠡᠭᠦᠯᠳᠡᠷᠵᠢᠭᠦᠯᠵᠦ᠂ ᠲᠣᠭ᠋ᠠᠴᠢᠯᠠᠭᠰᠠᠨ ᠪᠠᠷᠢᠮᠵᠢᠶᠠᠵᠢᠭᠰᠠᠨ ᠰᠢᠯᠭ᠋ᠠᠯᠲᠠ ᠵᠢᠨ ᠲᠠᠯᠠᠪᠠᠢ ᠵᠢ ᠥᠭᠡᠷᠡᠴᠢᠯᠡᠨ ᠪᠠᠶ᠋ᠢᠭᠤᠯᠬᠤ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠪᠡ᠃ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ ᠪᠥᠬᠥ ᠲᠠᠯ᠎ᠠ᠎ᠪᠠᠷ ᠳᠡᠭᠡᠭᠰᠢᠯᠡᠭᠦᠯᠵᠦ᠂  ᠵᠢᠩᠬᠢᠨᠢ ᠠᠩᠭᠢ ᠵᠢᠨ ᠰᠦᠯᠵᠢᠶᠡᠨ᠎ᠳᠤ ᠭᠠᠷᠬᠤ ᠨᠣᠷᠮ᠎ᠠ ᠬᠥᠯᠥᠨ ᠪᠣᠶ᠋ᠢᠷ ᠬᠣᠲᠠ ᠵᠢᠨ ᠨᠢᠭᠡᠳᠦᠭᠡᠷ ᠡᠩᠨᠡᠭᠡᠨ᠎ᠳᠤ ᠣᠷᠣᠪᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠍ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠍ᠷᠡᠭᠦᠯᠦᠨ ᠠᠬᠢᠭᠤᠯᠵᠤ᠂ ᠰᠢᠶᠠᠨ᠎ᠤ ᠬᠡᠪᠴᠢᠶᠡᠨ᠎ᠤ ᠨᠢᠭᠲᠠᠷᠠᠭᠰᠠᠨ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠶᠡᠷᠦᠩᠬᠡᠢ ᠡᠮᠨᠡᠯᠭᠡ ᠵᠢᠨ ᠬᠣᠷᠢᠶ᠎ᠠ ᠵᠢᠴᠢ ᠬᠤᠪᠢᠶᠠᠷᠢ ᠡᠮᠨᠡᠯᠭᠡ ᠵᠢᠨ ᠬᠣᠷᠢᠶᠠᠨ᠎ᠤ ᠪᠠᠢ᠍ᠭᠤᠯᠤᠮᠵᠢ ᠵᠢᠨ ᠲᠣᠬᠢᠷᠠᠭᠤᠯᠤᠯᠲᠠ ᠵᠢ ᠪᠡᠶᠡᠯᠡᠭᠦᠯᠵᠦ᠂ ᠬᠣᠲᠠ ᠵᠢᠨ ᠠᠯᠪᠠᠨ᠎ᠠᠴᠠ ᠪᠠᠢ᠍ᠭᠤᠯᠤᠭᠰᠠᠨ ᠡᠮᠨᠡᠯᠭᠡ ᠵᠢᠨ ᠬᠣᠷᠢᠶ᠎ᠠ᠎ᠨᠢ 4 ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ᠎ᠲᠠᠢ ᠡᠮᠴᠢᠯᠡᠭᠡᠨ᠎ᠤ ᠬᠣᠯᠪᠣᠭ᠋ᠠᠲᠤ ᠴᠣᠭᠴᠠ ᠪᠠ ᠮᠡᠷᠭᠡᠵᠢᠯ ᠵᠶ᠋ᠠᠷ ᠬᠠᠪᠰᠤᠷᠤᠨ ᠲᠡᠳᠬᠦᠬᠦ ᠬᠡᠯᠡᠯᠴᠡᠭᠡᠷ ᠲᠣᠭᠲᠠᠵᠤ᠂ ᠴᠢᠨᠠᠷ ᠰᠠᠢ᠍ᠲᠠᠢ ᠡᠮᠴᠢᠯᠡᠭᠡᠨ᠎ᠤ ᠦᠢ᠍ᠯᠡᠴᠢᠯᠡᠭᠡ ᠵᠢᠨ ᠬᠡᠪᠴᠢᠶ᠎ᠡ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠪᠡ᠃ ᠰᠣᠶᠣᠯ᠎ᠤᠨ ᠠᠵᠦ ᠦᠢ᠍ᠯᠡᠰ ᠴᠡᠴᠡᠭᠯᠡᠨ ᠬᠥᠭᠵᠢᠵᠦ᠂ ᠤᠯᠠᠭ᠋ᠠᠨᠮᠥ᠋ᠴᠢᠷ᠎ᠤᠨ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢ 300 ᠭᠠᠷᠤᠶ ᠲᠠᠯᠠᠪᠤᠷ ᠥᠷᠨᠢᠭᠦᠯᠵᠦ᠂ 《ᠮᠠᠨ᠎ᠤ ᠣᠯᠭᠣᠶᠠ》 ᠪᠣᠳᠠᠲᠤ ᠦᠵᠡᠮᠵᠢ ᠵᠢᠨ ᠲᠣᠭᠯᠠᠯᠲᠠ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠪᠣᠶ᠋ᠢᠵᠢᠭᠤᠯᠬᠤ ᠤᠷᠠᠨ ᠰᠠᠶ᠋ᠢᠬᠠᠨ ᠵᠢᠭᠤᠯᠴᠢᠯᠠᠯ᠎ᠤᠨ ᠰᠣᠳᠣᠨ ᠲᠥᠷᠥᠯ ᠵᠦᠢ᠍ᠯ᠎ᠳᠤ ᠰᠣᠩᠭᠣᠭᠳᠠᠵᠤ᠂ ᠬᠣᠲᠠ ᠵᠢᠨ ᠨᠣᠮ᠎ᠤᠨ ᠰᠠᠩ 《ᠪᠥᠬᠥ ᠤᠯᠤᠰ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠭᠤᠷᠪᠠᠳᠤᠭ᠋ᠠᠷ ᠳᠡᠰ᠎ᠤᠨ ᠨᠣᠮ᠎ᠤᠨ ᠰᠠᠩ》 ᠵᠶ᠋ᠠᠷ ᠦᠨᠡᠯᠡᠭᠳᠡᠵᠦ᠂ ᠬᠡᠭᠡᠨ ᠭᠤᠤᠯ ᠬᠣᠲᠠ ᠬᠣᠶᠠᠷ ᠵᠢᠯ ᠳᠠᠷᠠᠭ᠋ᠠᠯᠠᠨ ᠤᠯᠤᠰ᠎ᠤᠨ ᠰᠣᠶᠣᠯ ᠵᠢᠭᠤᠯᠴᠢᠯᠠᠯ᠎ᠤᠨ ᠶᠠᠮᠤᠨ᠎ᠤ 《ᠳᠥᠷᠪᠡᠨ ᠤᠯᠠᠷᠢᠯ᠎ᠤᠨ ᠲᠣᠰᠬᠣᠨ᠎ᠤ ᠣᠷᠣᠶ》 ᠵᠢᠨ ᠵᠢᠱ᠌ᠢᠶ᠎ᠡ ᠦᠵᠡᠭᠦᠯᠬᠦ ᠴᠡᠭ᠎ᠤᠨ ᠨᠡᠷᠡᠰ᠎ᠲᠤ ᠰᠣᠩᠭᠣᠭᠳᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤ ᠴᠣᠭᠴᠠᠯᠠᠬᠤ ᠤᠬᠠᠮᠰᠠᠷ ᠭᠦᠨᠵᠡᠭᠡᠶ᠋ᠢᠷᠡᠨ ᠪᠣᠳᠠᠲᠠᠶ᠋ᠢᠵᠢᠵᠤ᠂ ᠵᠣᠯ ᠵᠢᠷᠭ᠋ᠠᠯᠲᠤ ᠨᠡᠶ᠋ᠢᠭᠡᠮ ᠲᠣᠭᠣᠷᠢᠭ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠰᠢᠭᠢᠳᠬᠡᠬᠦ ᠮᠠᠶᠢᠭ᠎ᠤᠨ ᠬᠥᠭᠵᠢᠯᠲᠡ ᠵᠢᠨ ᠲᠤᠷᠰᠢᠯᠲᠠ ᠵᠢᠨ ᠨᠡᠶ᠋ᠢᠭᠡᠮ ᠲᠣᠭᠣᠷᠢᠭ᠎ᠲᠤ ᠵᠥᠪᠰᠢᠶᠡᠷᠡᠭᠳᠡᠪᠡ᠃ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠭᠣᠣᠯᠳᠠᠯᠭ᠎ᠠ᠎ᠲᠠᠢ ᠬᠦᠷᠢᠶᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠪᠠ᠃ ᠨᠡᠶ᠋ᠢᠭᠡᠮ᠎ᠤᠨ ᠠᠮᠤᠷ ᠲᠦᠪᠰᠢᠨ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠦ᠂ ᠴᠠᠬᠢᠯᠭ᠋ᠠᠨ ᠮᠡᠬᠡᠯᠡᠯ᠎ᠤᠨ ᠬᠡᠷᠡᠭ ᠭᠠᠷᠤᠭᠰᠠᠨ ᠲᠣᠭ᠎ᠠ 61 %᠎ᠪᠠᠷ ᠪᠠᠭᠤᠷᠠᠵᠤ᠂ ᠮᠡᠬᠡᠯᠡᠯ᠎ᠢ ᠡᠰᠡᠷᠭᠦᠴᠡᠬᠦ ᠠᠵᠢᠯ᠎ᠤᠨ ᠲᠤᠷᠰᠢᠯᠭ᠎ᠠ ᠵᠢ ᠪᠥᠬᠥ ᠣᠷᠣᠨ᠎ᠳᠤ ᠳᠡᠯᠭᠡᠷᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠳᠤ 《ᠲᠣᠮᠣ ᠴᠢᠬᠤᠯᠠ ᠬᠡᠷᠡᠭ》 ᠎ᠪᠠᠷ ᠵᠢᠭᠰᠠᠭ᠋ᠠᠭᠳᠠᠭᠰᠠᠨ 《5 ᠂16》 ᠵᠢᠨ ᠳᠠᠮᠵᠢᠭᠤᠯᠤᠨ ᠪᠣᠷᠣᠯᠠᠭᠤᠯᠤᠭᠰᠠᠨ ᠬᠡᠷᠡᠭ᠂ 《6᠂24》᠎ᠤ ᠵᠢᠭᠡᠯᠡᠯᠭᠡ ᠵᠢᠨ ᠮᠡᠬᠡᠯᠡᠯ᠎ᠤᠨ ᠬᠡᠷᠡᠭ᠎ᠢ ᠠᠮᠵᠢᠯᠲᠠ᠎ᠲᠠᠢ᠎ᠪᠠᠷ ᠢᠯᠡᠷᠡᠭᠦᠯᠪᠡ᠃
    (ᠳᠣᠯᠣᠭ᠎ᠠ) ᠪᠦᠬᠦ ᠬᠦᠴᠦᠨ ᠵᠶ᠋ᠠᠷ ᠵᠶ᠋ᠠᠨ ᠠᠵᠢᠯ᠎ᠤᠨ ᠰᠤᠷᠲᠠᠯ ᠵᠶ᠋ᠠᠨ ᠬᠤᠪᠢᠷᠠᠭᠤᠯᠤᠨ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠲᠣᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠪᠠ᠃ ᠨᠠᠮ᠎ᠤᠨ ᠤᠳᠤᠷᠢᠳᠤᠯᠭ᠎ᠠ ᠵᠢ ᠢᠮᠠᠭᠲᠠ ᠵᠠᠰᠠᠭ᠎ᠤᠨ ᠣᠷᠳᠣᠨ᠎ᠤ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠠᠢ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠰᠡᠳᠬᠢᠬᠦᠢ᠎ᠪᠠᠷ ᠬᠣᠲᠠ ᠵᠢᠨ ᠨᠠᠮ᠎ᠤᠨ ᠬᠣᠷᠢᠶᠠᠨ᠎ᠤ ᠪᠠᠢ᠍ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ  ᠨᠠᠢ᠍ᠳᠠᠪᠤᠷᠢᠵᠢᠭᠤᠯᠵᠠᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠭᠦᠨᠵᠡᠭᠡᠢ ᠠᠬᠢᠭᠤᠯᠪᠠ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠦ ᠵᠢᠨ ᠵᠥᠪᠯᠡᠯᠭᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ 27 ᠬᠤᠪᠢ ᠠᠷᠠᠳ᠎ᠤᠨ ᠲᠥᠯᠥᠭᠡᠯᠡᠭᠴᠢᠳ᠎ᠤᠨ ᠰᠠᠨᠠᠭᠤᠯᠭ᠎ᠠ᠂ 82 ᠬᠤᠪᠢ ᠤᠯᠤᠰ ᠲᠥᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠳᠤᠷᠠᠳᠤᠯᠭ᠎ᠠ ᠵᠢ ᠪᠦᠬᠦᠨ᠎ᠢ ᠰᠢᠢ᠍ᠳᠪᠦᠷᠢᠯᠡᠪᠡ᠃ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠵᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠢ ᠲᠠᠰᠤᠷᠠᠯᠳᠠ ᠦᠭᠡᠢ ᠪᠠᠭ᠋ᠠᠰᠬᠠᠵᠤ᠂ ᠪᠢᠴᠢᠭ ᠮᠠᠲ᠋ᠧᠷᠢᠶᠠᠯ ᠬᠢᠭᠡᠳ ᠬᠤᠷᠠᠯ᠎ᠢ ᠤᠯᠠᠮ ᠨᠢᠭᠡ ᠠᠯᠬᠤᠮ ᠴᠣᠮᠬᠠᠳᠬᠠᠵᠤ᠂ ᠪᠣᠳᠠᠲᠠᠢ ᠵᠢ ᠡᠷᠬᠢᠮᠯᠡᠨ ᠲᠠᠬᠢᠨ ᠠᠵᠢᠯᠯᠠᠵᠤ᠂ ᠬᠥᠭᠵᠢᠯᠲᠡ ᠵᠢ ᠲᠦᠷᠭᠡᠳᠬᠡᠬᠦ ᠠᠵᠢᠯ ᠬᠢᠬᠦ ᠠᠭᠤᠷ ᠠᠮᠢᠰᠬᠤᠯ᠎ᠢ ᠨᠡᠩ  ᠭᠦᠨ ᠪᠣᠯᠭ᠋ᠠᠪᠠ᠃
    ᠡᠭᠦᠨ᠎ᠤ ᠬᠠᠮᠲᠤ᠂ ᠬᠣᠶᠠᠷ᠎ᠢ ᠬᠦᠷᠢᠶᠡᠯᠡᠨ ᠬᠠᠮᠲᠤ᠎ᠪᠠᠷ ᠪᠠᠶ᠋ᠢᠭᠤᠯᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ᠂ ᠨᠡᠶ᠋ᠢᠭᠡᠮ᠎ᠤᠨ ᠠᠵᠢᠯ᠂ ᠲᠠᠩᠰᠠ ᠡᠪᠬᠡᠮᠡᠯ ᠲᠡᠦᠬᠡ ᠣᠶ᠋ᠢᠯᠠᠯᠭ᠎ᠠ᠂ ᠲᠣᠭ᠎ᠠ ᠪᠦᠷᠢᠳᠬᠡᠯ᠂ ᠬᠢᠨᠠᠨ ᠪᠤᠳᠤᠯᠲᠠ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠴᠠᠭ ᠠᠭᠤᠷ᠂ ᠪᠠᠶ᠋ᠢᠭᠤᠯᠭ᠎ᠠ ᠵᠢᠨ ᠶᠠᠪᠤᠳᠠᠯ᠂ ᠤᠯᠠᠭ᠋ᠠᠨ ᠵᠠᠭ᠋ᠠᠯᠮᠠᠶ᠋ᠢᠲᠠᠨ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠂ ᠤᠳᠬ᠎ᠠ ᠤᠷᠠᠯᠢᠭ᠎ᠤᠨ ᠬᠣᠯᠪᠣᠭ᠎ᠠ᠂ ᠵᠡᠮᠳᠡᠭᠴᠦᠳ᠎ᠤᠨ ᠬᠣᠯᠪᠣᠭ᠎ᠠ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠂ ᠨᠠᠰᠤᠲᠠᠶ᠋ᠢᠴᠤᠳ᠂ ᠬᠣᠶ᠋ᠢᠴᠢ ᠦᠶ᠎ᠡ᠎ᠪᠠᠨ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠮᠵᠢᠯᠲᠠ ᠤᠯᠪᠠ᠃
    ᠲᠥᠯᠥᠭᠡᠯᠡᠭᠴᠢᠳ ᠡ! ᠠᠮᠵᠢᠯᠲᠠ ᠬᠢᠯᠪᠠᠷ ᠪᠤᠰᠤ᠎ᠪᠠᠷ ᠢᠷᠡᠭᠰᠡᠨ ᠶᠤᠮ᠂ ᠲᠡᠮᠡᠴᠡᠯ᠎ᠨᠢ ᠬᠠᠲᠠᠭᠤ ᠪᠡᠷᠬᠡᠰᠢᠶᠡᠯ ᠵᠶ᠋ᠠᠷ ᠳᠦᠭᠦᠷᠴᠡᠶ᠃ ᠠᠶᠠᠨ ᠵᠠᠮ ᠵᠶ᠋ᠠᠨ ᠡᠷᠭᠢᠴᠡᠭᠦᠯᠪᠡᠯ᠂ ᠪᠢᠳᠡ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠪᠠᠷ ᠵᠶ᠋ᠠᠨ ᠡᠯ᠎ᠡ ᠲᠥᠷᠥᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠪᠥᠬᠥ ᠬᠦᠴᠦᠨ ᠵᠶ᠋ᠠᠷ ᠵᠶ᠋ᠠᠨ ᠠᠷᠢᠯᠭ᠋ᠠᠵᠤ᠂ ᠬᠠᠷᠢᠭᠤᠴᠠᠯᠭ᠎ᠠ ᠪᠣᠯᠤᠨ ᠡᠭᠦᠷᠭᠡᠯᠡᠯ ᠵᠶ᠋ᠠᠷ ᠡᠯ᠎ᠡ ᠵᠦᠢ᠍ᠯ᠎ᠤᠨ ᠠᠷᠠᠳ᠎ᠤᠨ ᠲᠥᠯᠥᠭᠡ ᠠᠮᠠᠯᠳᠠᠭᠰᠠᠨ ᠠᠮᠠᠯᠠᠯᠲᠠ᠎ᠪᠠᠨ ᠪᠥᠬᠥ ᠬᠦᠴᠦᠨ ᠵᠶ᠋ᠠᠷ ᠵᠶ᠋ᠠᠨ ᠪᠡᠶᠡᠯᠡᠭᠦᠯᠪᠡ᠃ ᠬᠤᠭᠤᠴᠠᠭ᠎ᠠ ᠰᠣᠯᠢᠭᠰᠠᠨ᠎ᠠᠴᠠ ᠨᠠᠰᠢ᠂ ᠴᠥᠬᠥᠷᠡᠰᠢ ᠥᠬᠡᠶ ᠴᠢᠷᠮᠠᠶ᠋ᠢᠯᠭ᠎ᠠ᠎ᠪᠠᠷ ᠳᠡᠮᠵᠢᠨ᠂ ᠠᠷᠭ᠎ᠠ ᠪᠦᠬᠦᠨ᠎ᠢ ᠰᠦᠪᠡᠭᠴᠢᠯᠡᠨ ᠪᠠᠯᠠ ᠮᠥᠩᠭᠥ ᠴᠤᠭᠯᠠᠭᠤᠯᠤᠨ ᠥᠷᠢ ᠥᠭᠴᠡᠭᠡ ᠵᠢ ᠠᠷᠢᠯᠭ᠋ᠠᠵᠤ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠲᠦᠭᠰᠢᠭᠦᠷᠢ ᠵᠢᠨ ᠵᠡᠷᠭᠡ ᠳᠡᠰ᠎ᠢ 《ᠰᠢᠷ᠎ᠠ》᠎ᠠᠴᠠ 《ᠨᠣᠭᠣᠭ᠋ᠠᠨ》 ᠪᠣᠯᠭ᠋ᠠᠨ ᠬᠤᠪᠢᠷᠠᠭᠤᠯᠪᠠ; ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠣᠶᠣᠯ ᠵᠢᠭᠤᠯᠴᠢᠯᠠᠯ᠎ᠤᠨ ᠠᠵᠤ  ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠵᠤ  ᠦᠢ᠍ᠯᠡᠰ ᠵᠶ᠋ᠠᠷ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠳᠤᠨ ᠬᠥᠭᠵᠢᠬᠦ ᠵᠢ ᠠᠬᠢᠭᠤᠯᠬᠤ ᠰᠢᠨ᠎ᠡ ᠵᠠᠮ᠎ᠢ ᠨᠡᠭᠡᠭᠡᠪᠡ; 《ᠬᠦᠢ᠍ᠲᠡᠨ》 ᠡᠬᠢ ᠪᠠᠶᠠᠯᠢᠭ᠎ᠤᠨ ᠳᠠᠪᠠᠭᠤᠯᠢᠭ᠎ᠢ ᠪᠥᠬᠥ ᠬᠦᠴᠦᠨ ᠵᠶ᠋ᠠᠷ ᠵᠶ᠋ᠠᠨ ᠭᠦᠨ ᠠᠭᠤᠳᠠᠯᠵᠤ᠂ ᠠᠵᠤ ᠦᠢ᠍ᠯᠡᠳᠪᠦᠷᠢ ᠵᠢᠨ ᠦᠢ᠍ᠯᠡᠳᠭᠦᠨ᠎ᠤ ᠬᠦᠢ᠍ᠲᠡᠨ᠎ᠳᠤ ᠳᠠᠭ᠋ᠠᠭ᠋ᠠᠮᠠᠭ᠋ᠠᠶ ᠴᠢᠨᠠᠷ᠎ᠤᠨ ᠰᠢᠯᠭ᠋ᠠᠯᠲᠠ ᠥᠬᠡᠶ ᠪᠠᠶ᠋ᠢᠭᠰᠠᠨ᠎ᠠᠴᠠ᠎ᠪᠠᠨ ᠪᠠᠶ᠋ᠢᠬᠤ ᠪᠣᠯᠵᠣ᠂ ᠡᠪᠦᠯ᠎ᠤᠨ ᠤᠯᠠᠷᠢᠯ᠎ᠠᠴᠠ ᠪᠥᠬᠥ ᠤᠯᠠᠷᠢᠯ᠎ᠤᠨ ᠰᠢᠨ᠎ᠡ ᠰᠢᠪᠲᠤᠯᠤᠯᠲᠠ ᠵᠢ ᠪᠡᠶᠡᠯᠡᠭᠦᠯᠪᠡ᠃ ᠭᠡᠭᠡᠨ ᠭᠤᠤᠯ᠎ᠨᠢ ᠬᠥᠯᠥᠨ ᠪᠣᠶ᠋ᠢᠷ ᠬᠣᠲᠠ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠥ ᠤᠯᠤᠰ᠎ᠳᠤ ᠨᠡᠷ᠎ᠡ ᠠᠯᠳᠠᠷ᠎ᠲᠠᠢ ᠪᠤᠯᠵᠦ᠂ ᠳᠡᠭᠡᠳᠦ ᠱᠠᠲᠤᠨ᠎ᠤ ᠭᠦᠢ᠍ᠴᠡᠳ ᠨᠤᠲᠠᠯᠠᠯᠲᠠ ᠪᠠ ᠣᠯᠠᠨ ᠲᠦᠮᠡᠨ᠎ᠤ ᠳᠡᠭᠡᠳᠦ ᠬᠡᠮᠵᠢᠶᠡᠨ᠎ᠤ ᠬᠦᠷᠢᠶᠡᠯᠡᠯ᠎ᠢ ᠣᠯᠵᠠᠶ᠃ ᠡᠳᠡᠭᠡᠷ ᠠᠮᠵᠢᠯᠲᠠ ᠵᠢ ᠣᠯᠤᠭᠰᠠᠨ᠎ᠨᠢ ᠬᠣᠲᠠ ᠵᠢᠨ ᠨᠠᠮ᠎ᠤᠨ ᠬᠣᠷᠢᠶᠠᠨ᠎ᠤ ᠪᠦᠬᠦ ᠲᠠᠯ᠎ᠠ ᠵᠢ ᠶᠡᠷᠦᠩᠬᠡᠶ᠋ᠢᠯᠡᠨ ᠵᠢᠯᠣᠭᠣᠳᠴᠤ᠂ ᠵᠥᠪ ᠣᠨᠣᠪᠴᠢᠲᠠᠢ ᠤᠳᠤᠷᠢᠳᠤᠭᠰᠠᠨ᠎ᠤ ᠦᠷ᠎ᠡ ᠳ᠋ᠦᠩ ᠮᠥᠨ᠂ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠬᠣᠲᠠ ᠵᠢᠨ ᠤᠯᠤᠰ ᠲᠥᠷᠦ ᠵᠢᠨ ᠵᠥᠪᠯᠡᠯᠭᠡᠨ᠎ᠤ ᠬᠦᠴᠦᠲᠡᠢ ᠬᠢᠨᠠᠯᠲᠠ ᠪᠠ ᠬᠦᠴᠦᠲᠡᠢ ᠳᠡᠮᠵᠢᠭᠰᠡᠨ᠎ᠤ ᠦᠷ᠎ᠡ ᠳ᠋ᠦᠩ ᠮᠥᠨ᠂ ᠨᠠᠩ ᠴᠤ᠌ ᠪᠦᠬᠦ ᠬᠣᠲᠠ ᠵᠢᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠬᠠᠮᠲᠤ᠎ᠪᠠᠷ ᠲᠡᠮᠡᠴᠡᠵᠦ᠂ ᠬᠦᠴᠢᠷ᠎ᠢ ᠲᠤᠭᠤᠯᠤᠨ ᠪᠡᠷᠬᠡ ᠵᠢ ᠳᠠᠪᠠᠭᠰᠠᠨ᠎ᠤ ᠦᠷ᠎ᠡ ᠳ᠋ᠦᠩ ᠮᠥᠨ᠃ ᠡᠨᠳᠡ ᠪᠢ ᠬᠣᠲᠠ ᠵᠢᠨ ᠵᠠᠰᠠᠭ ᠣᠨ ᠣᠷᠳᠣᠨ᠎ᠤ ᠡᠮᠦᠨ᠎ᠡ ᠪᠦᠬᠦ ᠬᠣᠲᠠ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠵᠢᠴᠢ ᠭᠡᠭᠡᠨ ᠭᠣᠣᠯ᠎ᠤᠨ ᠪᠦᠲᠦᠭᠡᠨ ᠪᠠᠶ᠋ᠢᠭᠤᠯᠤᠯᠲᠠ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠬᠦ ᠵᠢᠨ ᠬᠠᠮᠲᠤ ᠡᠷᠬᠢᠮ  ᠳᠡᠭᠡᠲᠦ ᠬᠦᠨᠳᠦᠳᠬᠡᠯ ᠵᠶ᠋ᠠᠨ ᠳᠡᠪᠰᠢᠭᠦᠯᠦᠶ᠎ᠡ!
    ᠠᠶᠤᠯ ᠲᠦᠭᠰᠢᠭᠦᠷᠢ ᠵᠢ ᠪᠣᠳᠣᠯᠬᠢᠯᠠᠪᠠᠯ ᠰᠠᠶᠢ ᠠᠮᠤᠷ ᠲᠦᠪᠰᠢᠨ ᠠᠮᠢᠳᠤᠷᠠᠵᠤ ᠴᠢᠳᠠᠨ᠎ᠠ᠂ ᠵᠣᠪᠠᠭᠤᠷᠢ ᠵᠦᠳᠡᠭᠦᠷᠢ ᠵᠢ ᠮᠡᠳᠡᠪᠡᠯ ᠰᠠᠶᠢ ᠬᠦᠴᠢᠷ ᠪᠡᠷᠬᠡᠰᠢᠶᠡᠯ᠎ᠢ ᠢᠯᠠᠨ ᠳᠠᠪᠠᠵᠤ ᠴᠢᠳᠠᠨ᠎ᠠ᠃ ᠠᠮᠵᠢᠯᠲᠠ᠎ᠪᠠᠨ ᠨᠤᠲᠠᠯᠠᠬᠤ ᠵᠢᠨ ᠳᠠᠭ᠋ᠠᠤ ᠪᠢᠳᠡ ᠪᠠᠰᠠ ᠪᠦᠬᠦ ᠬᠣᠲᠠ ᠵᠢᠨ ᠠᠵᠤ ᠠᠬᠤᠢ ᠨᠡᠢ᠍ᠭᠡᠮ᠎ᠤᠨ ᠬᠥᠭᠵᠢᠯᠲᠡ᠎ᠳᠤ ᠵᠤᠬᠢᠬᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠢ᠍ᠬᠤ ᠵᠢ ᠰᠡᠷᠭᠡᠭ ᠵᠶ᠋ᠠᠷ ᠲᠠᠨᠢᠵᠤ ᠣᠯᠪᠠ᠂ ᠨᠢᠭᠡ᠎ᠳᠤ᠂ ᠠᠵᠤ ᠠᠬᠤᠢ ᠵᠢᠨ ᠨᠡᠮᠡᠭᠳᠡᠯ᠎ᠤᠨ ᠰᠠᠭᠤᠷᠢ ᠪᠠᠲᠤ ᠪᠡᠬᠢ ᠪᠢᠰᠢ᠂ ᠤᠯᠠᠮᠵᠢᠯᠠᠯᠲᠤ ᠠᠵᠤ ᠦᠢ᠍ᠯᠡᠰ᠎ᠤᠨ ᠨᠡᠮᠡᠭᠳᠡᠯ᠎ᠤᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠰᠠᠶᠢ ᠡᠬᠢᠯᠡᠵᠦ᠂ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠵᠥᠷᠢᠴᠡᠯ ᠮᠥᠨ ᠳᠣᠪᠣᠢ᠍ᠮ᠎ᠠ ᠪᠠᠢ᠍ᠨ᠎ᠠ; ᠬᠣᠶᠠᠷ᠎ᠲᠤ᠂ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠰᠢᠯᠢᠳᠡᠭ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ᠂ ᠠᠷᠠᠳ᠎ᠤᠨ ᠠᠮᠢᠳᠤᠷᠠᠯ᠎ᠤᠨ ᠬᠡᠷᠡᠭᠴᠡᠭᠡ  ᠬᠢᠭᠡᠳ ᠱᠠᠭ᠋ᠠᠷᠳᠠᠯᠭ᠎ᠠ᠎ᠠᠴᠠ ᠪᠠᠰᠠ  ᠵᠦᠷᠢᠶ᠎ᠠ᠎ᠲᠠᠢ ᠪᠠᠶ᠋ᠢᠨ᠎ᠠ; ᠭᠤᠷᠪᠠ᠎ᠳᠤ᠂ ᠬᠥᠭᠵᠢᠯᠲᠡ ᠵᠢᠨ ᠣᠷᠴᠢᠨ ᠨᠥᠬᠥᠴᠡᠯ᠎ᠢ ᠰᠠᠶ᠋ᠢᠵᠢᠷᠠᠭᠤᠯᠬᠤ ᠴᠢᠬᠤᠯᠠᠲᠠᠢ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠷᠢᠮ ᠺᠠᠳ᠋ᠷ᠎ᠤᠨ ᠭᠠᠪᠰᠢᠭ᠋ᠠᠶ᠋ᠢᠯᠠᠬᠤ ᠵᠣᠷᠢᠭ᠎ᠨᠢ ᠬᠦᠷᠦᠯᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ᠎ᠨᠢ ᠬᠦᠷᠦᠯᠴᠡᠬᠦ ᠦᠭᠡᠢ᠂ ᠦᠵᠡᠯ ᠰᠠᠨᠠᠭ᠎ᠠ ᠣᠶ᠋ᠢᠯᠠᠭ᠋ᠠᠭᠳᠠᠬᠤᠨ᠎ᠨᠢ ᠬᠥᠰᠢᠭᠦᠷᠡᠵᠦ ᠬᠡᠪᠰᠢᠮᠡᠯ ᠪᠠᠶ᠋ᠢᠬᠤ ᠵᠡᠷᠭᠡ ᠠᠰᠠᠭᠤᠳᠠᠯ ᠨᠡᠩ ᠲᠤᠪᠤᠢ᠍ᠢ᠍ᠮ᠎ᠠ ᠪᠠᠶ᠋ᠢᠨ᠎ᠠ᠃ ᠡᠭᠦᠨ᠎ᠳᠤ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠂ ᠬᠠᠮᠤᠭ᠎ᠤᠨ ᠶᠡᠬᠡ ᠴᠢᠷᠮᠠᠶ᠋ᠢᠯᠭ᠎ᠠ ᠭᠠᠷᠭ᠋ᠠᠵᠤ ᠰᠢᠢ᠍ᠳᠪᠦᠷᠢᠯᠡᠬᠦ ᠬᠡᠷᠡᠭᠲᠡᠢ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠶᠠᠭ᠋ᠠᠬᠢᠭᠰᠠᠨ ᠴᠤ᠌ ᠬᠥᠰᠡᠷᠳᠡᠭᠦᠯᠬᠦ ᠦᠭᠡᠢ᠃

ᠢᠷᠡᠯᠲᠡ᠄ ᠭᠡᠭᠡᠨ ᠭᠤᠤᠯ ᠬᠤᠲᠡ ᠵᠢᠨ ᠠᠷᠠᠳ᠎ᠤᠨ ᠵᠠᠰᠠᠭ᠎ᠤᠨ ᠤᠷᠳᠤᠨ
Baidu
map