2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ (ᠬᠤᠶᠠᠷ)
ᠨᠡᠶ᠋ᠢᠲᠡᠯᠡᠭᠰᠡᠨ ᠴᠠᠭ᠄ 2020-11-03
(ᠵᠢᠷᠭᠤᠭ᠎ᠠ) ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ ᠦᠷ᠎ᠡ ᠪᠦᠲᠦᠮᠵᠢ ᠤᠯᠪᠠ᠃ ᠠᠵᠤ ᠠᠬᠤᠢ ᠵᠢᠨ ᠪᠠᠶ᠋ᠢᠭᠤᠯᠤᠯ᠂ ᠠᠮᠢ ᠠᠬᠤᠢ ᠵᠢᠨ ᠪᠣᠯᠪᠠᠰᠤᠨ᠂ ᠠᠷᠠᠳ᠎ᠤᠨ ᠠᠮᠢᠳᠤᠷᠠᠯ᠎ᠤᠨ ᠴᠢᠬᠤᠯᠠ ᠶᠡᠬᠡ ᠬᠦᠷᠢᠶᠡᠨ᠎ᠳᠠᠬᠢ 26 ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠪᠡ᠃ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠲᠣᠭᠲᠠᠭᠤᠨ ᠪᠡᠯᠡ ᠣᠷᠣᠭᠤᠯᠤᠯᠲᠠ ᠵᠢᠨ ᠵᠠᠩᠭᠢᠯᠠᠭ᠎ᠠ ᠵᠢᠨ ᠤᠢ᠌ᠯᠡᠳᠤᠯ᠎ᠢ ᠦᠨᠡᠨᠬᠦ ᠪᠠᠳᠠᠷᠠᠭᠤᠯᠵᠤ᠂ 《ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠣᠨ》᠎ᠢ ᠯᠠᠪᠳᠠᠭᠤᠨ ᠪᠠᠲᠤᠲᠠᠢ ᠦᠷᠨᠢᠭᠦᠯᠵᠦ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠠᠵᠢᠯ ᠡᠬᠢᠯᠡᠭᠦᠯᠦᠭᠰᠡᠨ ᠨᠣᠷᠮ᠎ᠠ 78%᠎ᠳᠤ ᠬᠦᠷᠴᠦ᠂ 3.68 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠪᠡ᠃ 《ᠪᠠᠭᠤᠯᠭ᠋ᠠᠬᠤ ᠬᠠᠮᠢᠶᠠᠷᠬᠤ   ᠤᠢ᠌ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠰᠠᠭ ᠵᠠᠬᠢᠷᠭ᠋ᠠᠨ᠎ᠤ ᠡᠷᠬᠡ ᠬᠠᠷᠢᠭᠤᠴᠠᠯᠭ᠎ᠠ ᠵᠢᠨ 6178 ᠵᠤᠢ᠌ᠯᠡᠰ᠎ᠢ ᠢᠯᠡ᠎ᠪᠠᠷ ᠨᠡᠶ᠋ᠢᠲᠡᠯᠡᠪᠡ᠃ 《ᠬᠣᠶᠠᠷ ᠲᠠᠰᠢᠷᠠᠮ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ 3995 ᠵᠦᠢ᠍ᠯ᠎ᠢ ᠰᠤᠭᠤᠴᠢᠨ ᠪᠠᠶ᠋ᠢᠴᠠᠭ᠋ᠠᠪᠠ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠥᠯᠥᠨ ᠪᠤᠢ᠌ᠷ ᠬᠣᠲᠠ᠎ᠳᠤ 《ᠰᠦᠯᠵᠢᠶᠡᠨ ᠳᠡᠭᠡᠷᠡᠬᠢ ᠬᠤᠳᠠᠯᠳᠤᠭ᠋ᠠᠨ᠎ᠤ ᠬᠣᠲᠠ》 ᠵᠢ ᠤᠷᠢᠳᠠᠪᠠᠷ ᠨᠡᠪᠳᠡᠷᠡᠭᠦᠯᠵᠡᠢ᠃ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠥᠭᠡᠷᠡᠴᠢᠯᠡᠯᠲᠡ ᠵᠢ ᠠᠬᠢᠭᠤᠯᠵᠤ᠂ ᠵᠠᠰᠠᠭ᠎ᠤᠨ ᠣᠷᠳᠣᠨ᠎ᠤ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠦᠯᠵᠢᠶᠡᠨ ᠳᠡᠭᠡᠷ᠎ᠡ   ᠤᠴᠢᠷ ᠰᠢᠢ᠍ᠳᠪᠤᠷᠢᠯᠡᠬᠦ ᠨᠣᠷᠮ᠎ᠠ 97%᠎ᠳᠤ ᠬᠦᠷᠭᠡᠵᠡᠢ᠃ ᠰᠢᠶᠠᠩ ᠪᠠᠯᠭ᠋ᠠᠰᠤᠨ᠎ᠤ ᠤᠳᠤᠷᠢᠳᠬᠤ ᠺᠠᠳ᠋ᠷ᠎ᠤᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠨᠭᠭᠡ ᠵᠢᠨ ᠬᠢᠨᠠᠨ ᠪᠤᠳᠤᠯᠲᠠ ᠵᠢ ᠠᠩᠬ᠎ᠠ ᠤᠳᠠᠭ᠎ᠠ ᠥᠷᠨᠢᠭᠦᠯᠪᠡ᠃ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠠᠩᠰᠠᠯᠠᠯᠲᠠ ᠵᠢ ᠳᠡᠭᠡᠭᠰᠢ ᠮᠡᠳᠡᠭᠦᠯᠬᠦ ᠠᠵᠢᠯ᠎ᠢ ᠪᠡᠶᠡᠯᠡᠬᠦᠯᠵᠠᠢ᠃ ᠣᠷᠣᠨ ᠨᠤᠲᠤᠭ᠎ᠤᠨ ᠤᠯᠤᠰ᠎ᠤᠨ ᠥᠮᠴᠢᠯᠡᠯᠲᠡ ᠣᠢ ᠰᠢᠭᠤᠢ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠪᠡ᠃ ᠣᠷᠣᠨ ᠨᠤᠲᠤᠭ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠤᠯᠠᠨ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠤᠯᠪᠤᠭ᠋ᠠᠨ᠎ᠤ ᠣᠨ᠎ᠤ ᠬᠤᠷᠠᠯ᠎ᠢ ᠬᠠᠮᠵᠢᠯᠴᠠᠨ   ᠡᠷᠬᠢᠯᠡᠵᠠᠢ᠃    
 (ᠳᠣᠯᠣᠭ᠎ᠠ) ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠦᠷᠭᠦᠯᠵᠢᠯᠡᠨ ᠴᠢᠩᠭ᠋ᠠᠳᠬᠠᠪᠠ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠵᠠᠷᠤᠯᠭ᠎ᠠ 12.96 ᠳ᠋ᠦᠩᠰᠢᠭᠤᠷ ᠲᠥᠭᠥᠷᠢᠭ᠎ᠲᠤ ᠬᠦᠷᠴᠦ᠂ ᠡᠩ᠎ᠤᠨ ᠤᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ ᠵᠢᠨ 80.6% ᠵᠢ ᠡᠵᠡᠯᠡᠪᠡ᠃ ᠦᠢ᠍ᠯᠡᠰ ᠪᠣᠰᠬᠠᠨ ᠠᠵᠢᠯ ᠣᠯᠭᠣᠬᠤ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠢᠷᠢ ᠲᠦᠪᠰᠢᠨ ᠲᠣᠭᠲᠠᠭᠤᠨ ᠵᠶ᠋ᠠᠷ ᠳᠡᠭᠡᠭᠰᠢᠯᠡᠵᠦ᠂ 760 ᠲᠦᠮᠡᠨ ᠲᠥᠭᠥᠷᠢᠭ᠎ᠤᠨ ᠦᠢ᠍ᠯᠡᠰ ᠪᠣᠰᠬᠠᠬᠤ ᠪᠠᠲᠤᠯᠠᠭ᠋ᠠᠲᠤ ᠵᠢᠭᠡᠯᠡᠯᠭᠡ ᠵᠢ ᠲᠠᠯᠪᠢᠵᠤ᠂ ᠬᠣᠲᠠ ᠪᠠᠯᠭ᠋ᠠᠰᠤᠨ᠎ᠤ 829 ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ 3.94%᠎ᠳᠤ ᠬᠢᠵᠠᠭ᠋ᠠᠷᠯᠠᠪᠠ᠃ ᠣᠯᠠᠨ ᠲᠦᠮᠡᠨ᠎ᠤ ᠬᠠᠨᠠᠮᠵᠢ ᠵᠢᠨ ᠨᠤᠷᠮ᠎ᠠ ᠵᠢ ᠪᠦᠲᠦᠮᠵᠢᠲᠡᠢ   ᠳᠡᠭᠡᠭᠰᠢᠯᠡᠭᠦᠯᠵᠦ᠂ 6839 ᠬᠥᠮᠦᠨ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠤᠳᠠᠭ᠋ᠠᠨ ᠴᠢᠨᠠᠷᠲᠠᠢ ᠡᠪᠡᠳᠴᠢᠨ᠎ᠤ ᠳᠠᠩᠰᠠ ᠲᠠᠶ᠋ᠢᠯᠬᠤ ᠬᠠᠷᠠᠭ᠋ᠠᠯᠵᠠᠯ᠎ᠢ ᠰᠢᠨ᠎ᠡ᠎ᠪᠠᠷ ᠬᠦᠷᠲᠡᠪᠡ᠃ 1098 ᠢᠵᠢ ᠨᠡᠶ᠋ᠢᠲᠡ ᠵᠢᠨ ᠲᠦᠷᠢᠶᠡᠰᠦᠨ ᠭᠡᠷ᠎ᠢ ᠣᠷᠣᠨ ᠰᠠᠭᠤᠴᠠ ᠵᠢᠨ ᠬᠦᠴᠢᠷᠳᠡᠯ᠎ᠲᠠᠢ ᠤᠯᠠᠨ ᠨᠡᠢ᠌ᠳᠡ᠎ᠲᠤ ᠬᠠᠨᠳᠤᠭᠤᠯᠤᠨ ᠬᠤᠪᠢᠶᠠᠷᠢᠯᠠᠪᠠ᠃ ᠨᠡᠶ᠋ᠢᠭᠡᠮ᠎ᠤᠨ ᠠᠪᠤᠷᠠᠨ ᠲᠤᠰᠠᠯᠠᠬᠤ ᠠᠵᠢᠯ᠎ᠢ ᠲᠡᠭᠦᠯᠳᠡᠷᠵᠢᠭᠦᠯᠵᠦ᠂ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠰᠠᠷ᠎ᠠ ᠪᠦᠷᠢ 50 ᠲᠥᠭᠥᠷᠢᠭ ᠳᠡᠭᠡᠭᠰᠢᠯᠡᠭᠦᠯᠵᠦ᠂ ᠪᠦᠬᠦ ᠵᠢᠯ᠎ᠳᠤ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠮᠥᠩᠭᠥ᠂ ᠠᠪᠤᠷᠠᠨ ᠲᠤᠰᠠᠯᠠᠬᠤ ᠮᠥᠩᠭᠥ ᠪᠣᠯᠤᠨ ᠠᠷᠠᠳ᠎ᠲᠤ ᠠᠰᠢᠭ ᠬᠦᠷᠲᠡᠭᠡᠬᠦ ᠨᠥᠬᠥᠪᠥᠷᠢ 9239 ᠲᠦᠮᠡᠨ ᠲᠥᠭᠥᠷᠢᠭ ᠲᠠᠷᠬᠠᠭ᠋ᠠᠪᠠ᠃
 (ᠨᠠᠢ᠍ᠮᠠ) ᠨᠡᠶ᠋ᠢᠭᠡᠮ᠎ᠤᠨ ᠠᠵᠢᠯ ᠤᠢ᠌ᠯᠡᠰ ᠪᠥᠬᠥ ᠲᠠᠯ᠎ᠠ᠎ᠪᠠᠷ ᠬᠥᠭᠵᠢᠪᠡ᠃ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ 16 ᠳᠤᠮᠳᠠᠳᠤ ᠪᠠᠭ᠎ᠠ ᠰᠤᠷᠭ᠋ᠠᠭᠤᠯᠢ ᠵᠢ ᠨᠡᠶ᠋ᠢᠯᠡᠭᠦᠯᠦᠭᠡᠳ 12 ᠰᠠᠭᠤᠷᠢ ᠪᠣᠯᠭ᠋ᠠᠵᠤ᠂ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠭᠡᠷ ᠪᠠᠶ᠋ᠢᠰᠢᠩ᠎ᠢ ᠰᠡᠯᠪᠢᠨ ᠵᠠᠰᠠᠪᠠ᠃ ᠭᠡᠭᠡᠨ ᠭᠣᠤᠯ ᠬᠤᠲᠠ ᠵᠢᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠵᠢᠨ ᠶᠡᠬᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ᠎ᠳᠤ ᠵᠢᠩᠬᠢᠨᠢ ᠠᠩᠭᠢ᠎ᠳᠤ ᠤᠷᠤᠭᠰᠠᠨ ᠨᠣᠷᠮ᠎ᠠ 70%᠎ᠳᠤ ᠬᠦᠷᠴᠡᠶ᠃ ᠮᠠᠨᠬᠦ᠋ᠢ ᠬᠡᠦᠬᠡᠳ᠎ᠤᠨ ᠴᠡᠴᠡᠷᠯᠢᠭ ᠪᠣᠯᠤᠨ ᠵᠢᠨ ᠾᠧ ᠬᠡᠦᠬᠡᠳ᠎ᠤᠨ ᠴᠡᠴᠡᠷᠯᠢᠭ᠎ᠨᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠬᠥᠯ ᠪᠥᠮᠪᠥᠭᠡ ᠵᠢᠨ ᠣᠨᠴᠠᠯᠢᠭᠲᠤ ᠬᠡᠦᠬᠡᠳ᠎ᠤᠨ ᠴᠡᠴᠡᠷᠯᠢᠭ ᠵᠶ᠋ᠠᠷ ᠦᠨᠡᠯᠡᠭᠳᠡᠪᠡ᠃ ᠪᠡᠶ᠎ᠡ ᠵᠢᠨ ᠲᠠᠮᠢᠷ᠎ᠤᠨ ᠤᠢ᠌ᠯᠡᠰ᠎ᠢ ᠪᠥᠬᠥ ᠲᠠᠯ᠎ᠠ᠎ᠪᠠᠷ ᠬᠥᠭᠵᠢᠭᠦᠯᠵᠦ᠂ ᠬᠥᠯᠥᠨ ᠪᠣᠶ᠋ᠢᠷ ᠬᠣᠲᠠ ᠵᠢᠨ ᠲᠠᠰ᠎ᠠᠴᠠ ᠳᠡᠭᠡᠭᠰᠢᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠱᠠᠩᠨᠠᠯ᠎ᠢ 98 ᠤᠳᠠᠭ᠎ᠠ ᠭᠥᠷᠳᠡᠪᠡ᠃ 10 ᠮᠢᠨᠦ᠋ᠲ᠎ᠤᠨ ᠪᠡᠶ᠎ᠡ ᠴᠢᠭᠢᠷᠠᠭᠵᠢᠭᠤᠯᠬᠤ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠮᠧᠶ ᠯᠢᠨ᠂ ᠲᠢᠶᠧ ᠰᠢ᠂ ᠰᠢᠩ ᠠᠨ᠂ ᠬᠤᠩ ᠴᠢ ᠵᠡᠷᠭᠡ ᠳᠥᠷᠪᠡᠨ ᠨᠡᠶ᠋ᠢᠭᠡᠮ ᠲᠣᠭᠣᠷᠢᠭ᠎ᠤᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠲᠥᠪ᠎ᠢ ᠠᠰᠢᠭᠯᠠᠯᠲᠠ᠎ᠳᠤ ᠤᠷᠤᠭᠤᠯᠵᠠᠢ᠃ ᠤᠯᠠᠭ᠋ᠠᠨᠮᠥ᠋ᠴᠢᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠪᠦᠷᠢᠨᠰᠢᠬᠦᠯᠵᠦ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢ 100 ᠭᠠᠷᠤᠶ ᠤᠳᠠᠭ᠎ᠠ ᠥᠷᠨᠢᠭᠦᠯᠪᠡ᠃ ᠡᠷᠡᠭᠦᠯ ᠬᠠᠮᠠᠭ᠋ᠠᠯᠠᠯ ᠡᠮ ᠡᠮᠨᠡᠯᠭᠡ ᠵᠢᠨ ᠦᠢ᠍ᠯᠡᠰ ᠲᠣᠭᠲᠠᠭᠤᠨ ᠵᠶ᠋ᠠᠷ ᠬᠥᠭᠵᠢᠵᠦ᠂ ᠬᠣᠲᠠ ᠵᠢᠨ ᠠᠷᠠᠳ᠎ᠤᠨ ᠡᠮᠨᠡᠯᠭᠡ ᠵᠢᠨ ᠬᠣᠷᠢᠶ᠎ᠠ ᠪᠣᠯᠤᠨ ᠬᠢᠲᠠᠳ ᠮᠣᠩᠭᠣᠯ ᠡᠮᠨᠡᠯᠭᠡ ᠵᠢᠨ ᠬᠣᠷᠢᠶ᠎ᠠ ᠠᠯᠤᠰ ᠡᠵᠡᠮᠰᠢᠯᠲᠦ ᠡᠪᠡᠳᠴᠢᠨ᠎ᠤ ᠵᠦᠶ ᠵᠢᠨ ᠣᠨᠣᠰᠢᠯᠠᠯᠲᠠ ᠵᠢᠨ ᠤᠢ᠌ᠯᠡᠴᠢᠯᠡᠭᠡ ᠵᠢ 561 ᠥᠷᠨᠢᠭᠦᠯᠵᠦ᠂ ᠬᠣᠶᠠᠳᠤᠭ᠋ᠠᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨᠳᠦᠰᠦᠨ ᠡᠮ ᠬᠡᠷᠡᠭᠯᠡᠬᠦ ᠬᠠᠷᠢᠴᠠᠯ 45.2%᠎ᠲᠤ ᠬᠦᠷᠴᠡᠶ᠃ ᠤᠯᠠᠨ ᠲᠦᠮᠡᠨ᠎ᠤ ᠡᠮ ᠡᠮᠨᠡᠯᠭᠡ ᠵᠢᠨ ᠵᠠᠷᠤᠳᠠᠯ ᠵᠢᠯ ᠳᠠᠷᠠᠭ᠋ᠠᠯᠠᠨ ᠪᠠᠭᠤᠷᠠᠪᠠ᠃ ᠬᠣᠲᠠ ᠵᠢᠨ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠥᠪ ᠤᠯᠤᠰ᠎ᠤᠨ ᠲᠡᠰ᠎ᠤᠨ 《ᠬᠠᠪᠤᠳᠠᠷ᠎ᠢ ᠳᠠᠩᠰᠠᠯᠠᠬᠤ ᠠᠵᠢᠯ᠎ᠤᠨ ᠳᠠᠪᠰᠢᠯᠲᠠ ᠵᠢᠨ ᠱᠠᠩᠨᠠᠯ》᠎ᠢ ᠬᠦᠷᠲᠡᠪᠡ᠃ ᠴᠡᠷᠢᠭ᠎ᠤᠨ ᠠᠯᠪᠠᠨ᠎ᠠᠴᠠ ᠪᠠᠭᠤᠭᠰᠠᠳ᠎ᠢ ᠪᠠᠲᠤᠯᠠᠬᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠴᠡᠷᠢᠭ᠎ᠤᠨ ᠠᠯᠪᠠᠨ᠎ᠠᠴᠠ ᠪᠠᠭᠤᠭᠰᠠᠨ ᠬᠡᠰᠡᠭ ᠪᠠᠶ᠋ᠢᠯᠳᠤᠭᠴᠢᠳ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠵᠠᠯᠭ᠋ᠠᠨ ᠦᠷᠬᠦᠯᠵᠢᠯᠡᠬᠦᠯᠬᠦ ᠠᠵᠢᠯ᠎ᠢ ᠡᠮᠬᠢ ᠵᠢᠷᠤᠮ᠎ᠲᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠵᠤ᠂ ᠵᠠᠬ᠎ᠠ ᠳᠡᠯᠭᠡᠭᠦᠷ ᠳᠡᠭᠡᠷᠡᠬᠢ ᠮᠣᠩᠭᠣᠯ ᠬᠢᠲᠠᠳ ᠦᠰᠦᠭ ᠪᠢᠴᠢᠭ᠎ᠢ ᠵᠡᠷᠭᠡ᠎ᠪᠠᠷ ᠬᠡᠷᠡᠭᠯᠡᠬᠦ ᠬᠠᠮᠢᠶᠠᠷᠤᠯᠲᠠ ᠵᠢ ᠵᠢᠷᠤᠮᠵᠢᠭᠤᠯᠤᠨ᠂ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠪᠡᠯᠡ ᠮᠥᠩᠭᠥ ᠵᠢ 275 ᠲᠦᠮᠡᠨ ᠲᠥᠭᠥᠷᠢᠭ ᠨᠠᠢ᠌ᠳᠠᠪᠤᠷᠢᠵᠢᠭᠤᠯᠪᠠ᠃ ᠮᠠᠨ᠎ᠤ ᠬᠣᠲᠠ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠬᠤᠭᠤᠴᠠᠭ᠋ᠠᠨ᠎ᠤ ᠪᠣᠯᠪᠠᠰᠤᠨ ᠬᠣᠲᠠ᠎ᠪᠠᠷ ᠦᠨᠡᠯᠡᠭᠳᠡᠪᠡ᠃ ᠳᠠᠩᠰᠠ ᠡᠪᠬᠡᠮᠡᠯ ᠲᠡᠤᠬᠡ ᠣᠶ᠋ᠢᠯᠠᠯᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠂ ᠴᠠᠭ ᠠᠭᠤᠷ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ᠂ ᠬᠣᠶᠠᠷ᠎ᠢ ᠬᠦᠷᠢᠶᠡᠯᠡᠬᠦ᠂ ᠤᠯᠠᠭ᠋ᠠᠨ ᠵᠠᠭ᠋ᠠᠯᠮᠠᠢ᠌ᠳᠠᠨ᠂ ᠵᠡᠮᠳᠡᠭᠴᠦᠳ᠎ᠤᠨ ᠬᠣᠯᠪᠣᠭ᠎ᠠ᠂ ᠠᠵᠤ ᠤᠢ᠌ᠯᠡᠳᠪᠤᠷᠢ ᠬᠤᠳᠠᠯᠳᠤᠭ᠎ᠠ ᠵᠢᠨ ᠬᠤᠯᠪᠤᠭ᠎ᠠ᠂ ᠨᠠᠰᠤ ᠦᠨᠳᠤᠷ ᠬᠦᠮᠤᠰ᠎ᠤᠨ ᠠᠵᠢᠯ᠂ ᠠᠵᠢᠯᠴᠢᠨ᠎ᠤ ᠡᠪᠯᠡᠯ᠂ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠡᠪᠯᠡᠯ᠂ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠬᠢᠴᠠ᠎ᠲᠠᠢ ᠪᠣᠯᠪᠠ᠃
 (ᠶᠢᠰᠦ) ᠨᠡᠶ᠋ᠢᠭᠡᠮ᠎ᠤᠨ ᠶᠡᠬᠡ ᠲᠠᠯ᠎ᠠ ᠡᠶ᠎ᠡ ᠵᠣᠬᠢᠴᠠᠯ᠎ᠲᠠᠢ ᠲᠣᠭᠲᠠᠭᠤᠨ ᠪᠠᠶ᠋ᠢᠨ᠎ᠠ᠃ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠬᠦᠴᠦᠨ᠎ᠢ ᠴᠢᠩᠭ᠋ᠠᠷᠠᠭᠤᠯᠤᠨ᠂ ᠭᠠᠯ ᠤᠨᠲᠠᠷᠠᠭ᠋ᠠᠬᠤ ᠲᠤᠰᠬᠠᠶ ᠠᠩᠭᠢ ᠵᠢᠨ ᠭᠡᠰᠢᠭᠦᠨ ᠡᠯᠰᠡᠵᠦ᠂ ᠣᠢ ᠰᠢᠭᠤᠶ ᠵᠢᠨ ᠭᠠᠯ ᠤᠨᠲᠠᠷᠠᠭ᠋ᠠᠬᠤ ᠬᠠᠮᠲᠤᠷᠠᠨ ᠰᠡᠷᠭᠡᠢ᠌ᠯᠡᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ ᠰᠢᠤ ᠱᠠᠨ ᠣᠢ ᠰᠢᠭᠤᠶ ᠵᠢᠨ ᠲᠠᠯᠠᠪᠠᠢ ᠵᠡᠷᠭᠡ ᠠᠶᠤᠩᠭ᠎ᠠ᠎ᠳᠤ ᠨᠢᠷᠭᠡᠭᠳᠡᠭᠰᠡᠨ ᠣᠢ ᠰᠢᠭᠤᠶ ᠵᠢᠨ ᠭᠠᠯ᠎ᠤᠨ ᠠᠶᠤᠯ᠎ᠢ ᠠᠮᠵᠢᠯᠲᠠ᠎ᠲᠠᠢ᠎ᠪᠠᠷ ᠰᠢᠢ᠍ᠳᠪᠤᠷᠢᠯᠡᠵᠠᠢ᠃ ᠠᠶᠤᠯᠬᠦᠢ ᠤᠢ᠌ᠯᠡᠳᠪᠤᠷᠢᠯᠡᠯ᠎ᠤᠨ ᠶᠡᠬᠡ ᠪᠠᠶ᠋ᠢᠴᠠᠭ᠋ᠠᠯᠲᠠ ᠵᠢ ᠥᠷᠨᠢᠭᠦᠯᠵᠦ᠂ ᠠᠶᠤᠯᠬᠦᠢ ᠤᠢ᠌ᠯᠡᠳᠪᠤᠷᠢᠯᠡᠯ᠎ᠤᠨ᠎ᠬᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠠᠶᠤᠯᠬᠦᠢ ᠤᠢ᠌ᠯᠡᠳᠪᠤᠷᠢᠯᠡᠯ᠎ᠤᠨ ᠪᠠᠢ᠌ᠳᠠᠯ ᠦᠷᠭᠦᠯᠵᠢᠯᠡᠨ ᠲᠣᠭᠲᠠᠭᠤᠨ ᠪᠠᠶ᠋ᠢᠨ᠎ᠠ᠃ ᠠᠹᠷᠢᠺᠠ ᠲᠢᠪ᠎ᠤᠨ ᠭᠠᠬᠠᠶ ᠵᠢᠨ ᠬᠢᠵᠢᠭ᠂ ᠬᠤᠯᠤᠭ᠋ᠠᠨ᠎ᠠ ᠵᠢᠨ ᠬᠢᠵᠢᠭ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠦᠬᠦ ᠬᠦᠴᠦᠨ ᠵᠶ᠋ᠠᠷ ᠵᠶ᠋ᠠᠨ ᠥᠷᠨᠢᠭᠦᠯᠵᠦ᠂ ᠬᠢᠵᠢᠭ᠎ᠤᠨ ᠪᠠᠶ᠋ᠢᠳᠠᠯ ᠡᠭᠦᠰᠬᠦ ᠵᠢ ᠪᠦᠲᠦᠮᠵᠢᠲᠡᠶ ᠰᠡᠷᠭᠡᠢ᠌ᠯᠡᠵᠠᠢ᠃ ᠨᠡᠶ᠋ᠢᠭᠡᠮ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ᠂ ᠵᠠᠬᠢᠳᠠᠯ ᠰᠤᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠠᠷᠢᠯᠭ᠋ᠠᠬᠤ ᠵᠡᠷᠭᠡ ᠲᠤᠰᠬᠠᠶ ᠠᠵᠢᠯᠯᠠᠭ᠎ᠠ ᠵᠢ ᠦᠷᠨᠢᠬᠦᠯᠵᠠᠢ᠃ 《ᠣᠶᠤᠨᠯᠢᠭ ᠳᠣᠲᠣᠭ᠋ᠠᠳᠤ ᠵᠢ ᠬᠠᠮᠠᠭ᠋ᠠᠯᠠᠬᠤ》 ᠵᠢᠨ ᠪᠠᠶ᠋ᠢᠭᠤᠯᠤᠯᠲᠠ ᠵᠢ ᠠᠬᠢᠭᠤᠯᠵᠤ᠂ 149   ᠦᠷᠲᠡᠭᠡ ᠵᠢᠨ ᠬᠢᠨᠠᠨ ᠰᠡᠭᠦᠳᠡᠷᠯᠡᠯᠲᠡ ᠵᠢ ᠪᠡᠶᠡᠯᠡᠭᠦᠯᠵᠠᠢ᠂ ᠬᠥᠮᠦᠨ᠎ᠤ ᠵᠢᠰᠦ ᠵᠢ ᠢᠯᠭ᠋ᠠᠨ ᠲᠠᠨᠢᠬᠤ ᠬᠢᠨᠠᠨ ᠡᠵᠡᠮᠳᠡᠬᠦ ᠮᠠᠰᠢᠨ 95 ᠵᠢ ᠪᠡᠶᠡᠯᠡᠭᠦᠯᠪᠡ᠃ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠷ᠎ᠠ   ᠪᠦᠯᠤᠭ᠌ᠳᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠢ ᠭᠦᠨᠵᠡᠭᠡᠶ ᠥᠷᠨᠢᠭᠦᠯᠵᠦ᠂ 76 ᠬᠡᠷᠡᠭ᠎ᠤᠨ ᠰᠦᠪᠡᠭᠴᠢ ᠵᠢ ᠣᠶ᠋ᠢᠯᠭ᠋ᠠᠨ ᠵᠢᠭᠰᠠᠭ᠋ᠠᠵᠤ᠂ ᠬᠠᠷᠭᠢᠰ ᠬᠦᠴᠦᠨ᠎ᠳᠤ ᠬᠣᠯᠪᠣᠭᠳᠠᠭᠰᠠᠨ ᠶᠠᠯᠠᠲᠤ ᠪᠦᠯᠬᠦᠮ 1 ᠵᠢ ᠴᠣᠬᠢᠨ ᠰᠤᠢ᠌ᠷᠡᠭᠦᠯᠤᠨ᠂ ᠠᠷᠠᠳ ᠤᠯᠠᠨ᠎ᠤ ᠠᠮᠤᠷ ᠲᠦᠪᠰᠢᠨ᠎ᠤ ᠲᠦᠷᠦᠭᠳᠡᠯ ᠢᠯᠡᠳᠲᠡ ᠴᠢᠩᠭ᠋ᠠᠷᠠᠪᠠ᠃
  (ᠠᠷᠪᠠ) ᠵᠠᠰᠠᠭ᠎ᠤᠨ ᠣᠷᠳᠣᠨ᠎ᠤ ᠦᠢ᠍ᠯᠡᠳᠦᠯ ᠴᠢᠳᠠᠪᠬᠢ ᠳᠡᠭᠡᠭᠰᠢᠯᠡᠵᠡᠢ᠃ ᠤᠯᠤᠰ ᠲᠥᠷᠥ ᠵᠢᠨ ᠪᠠᠶ᠋ᠢᠭᠤᠯᠤᠯᠲᠠ ᠵᠢ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢᠨ ᠲᠡᠷᠢᠭᠦᠨ ᠪᠠᠶ᠋ᠢᠷᠢᠨ᠎ᠳᠤ ᠲᠠᠯᠪᠢᠵᠤ᠂ ᠨᠠᠮ᠎ᠤᠨ ᠤᠳᠤᠷᠢᠳᠤᠯᠭ᠎ᠠ ᠵᠢ ᠪᠠᠷᠢᠮᠳᠡᠯᠠᠨ᠂ 《ᠳᠥᠷᠪᠡᠨ ᠦᠵᠡᠯ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠍ᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠣᠭᠣᠳᠴᠤ᠂ ᠠᠵᠢᠯ ᠵᠶ᠋ᠠᠨ ᠠᠬᠢᠭᠤᠯᠤᠨ᠎ᠠ᠃ ᠵᠠᠰᠠᠭ᠎ᠤᠨ ᠣᠷᠳᠣᠨ᠎ᠤ ᠪᠠᠢ᠍ᠭᠤᠯᠤᠮᠵᠢ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠪᠦᠬᠦ ᠬᠣᠲᠠ ᠵᠢᠨ ᠪᠠᠶ᠋ᠢᠭᠤᠯᠤᠮᠵᠢ᠂ ᠡᠭᠦᠷᠭᠡ ᠴᠢᠳᠠᠪᠬᠢ᠂ ᠣᠷᠣᠨ ᠲᠣᠭ᠎ᠠ ᠪᠠ ᠠᠵᠢᠯᠯᠠᠭ᠋ᠠᠨ᠎ᠤ ᠪᠠᠲᠤᠯᠠᠭ᠎ᠠ ᠵᠢ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠰᠢᠶᠠᠩ ᠪᠠᠯᠭ᠋ᠠᠰᠤᠨ᠎ᠤ ᠬᠡᠷᠡᠭ ᠡᠷᠬᠢᠯᠡᠬᠦ ᠭᠠᠵᠠᠷ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠬᠦᠨᠵᠡᠭᠡᠢ᠌ᠷᠡᠭᠦᠯᠤᠨ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ᠂ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠪᠠ᠃ 《ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠢ ᠭᠦᠨᠵᠡᠭᠡᠶ ᠥᠷᠨᠢᠭᠦᠯᠵᠦ᠂ ᠮᠡᠳᠡᠬᠦ ᠢᠲᠡᠭᠡᠬᠦ ᠬᠢᠬᠦ ᠵᠢ ᠨᠢᠭᠡᠳᠬᠡᠬᠦ ᠴᠢᠳᠠᠪᠤᠷᠢ ᠵᠢ ᠳᠡᠭᠡᠭᠰᠢᠯᠡᠭᠦᠯᠪᠡ᠃ ᠦᠵᠡᠯ ᠤᠬᠠᠮᠰᠠᠷ᠎ᠤᠨ ᠬᠡᠯᠪᠡᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠢᠦᠢ ᠬᠠᠢ ᠵᠢᠶᠦ᠋ᠨ᠂ ᠯᠢᠶᠣᠤ ᡁᠢ ᠬᠤᠢ ᠵᠡᠷᠭᠡ ᠲᠡᠷᠢᠭᠦᠨ᠎ᠤ ᠦᠢ᠍ᠯᠡ ᠠᠵᠢᠯᠯᠠᠭ᠎ᠠ᠎ᠠᠴᠠ ᠰᠤᠷᠤᠯᠴᠠᠬᠤ ᠠᠵᠢᠯᠯᠠᠭ᠎ᠠ ᠵᠢ ᠥᠷᠨᠢᠭᠦᠯᠵᠦ᠂ ᠪᠦᠬᠦ ᠬᠣᠲᠠ ᠵᠢᠨ ᠺᠠᠳ᠋ᠷ ᠠᠵᠢᠯᠲᠠᠨ᠎ᠤ ᠠᠵᠢᠯ ᠬᠢᠵᠦ ᠦᠢ᠍ᠯᠡᠰ ᠴᠣᠭᠴᠠᠯᠠᠬᠤ᠂ ᠪᠣᠳᠠᠲᠠᠢ ᠵᠢ ᠡᠷᠬᠢᠯᠡᠵᠦ ᠬᠠᠷᠢᠭᠤᠴᠠᠯᠭ᠎ᠠ ᠡᠭᠦᠷᠭᠡᠯᠡᠬᠦ ᠠᠵᠢᠯ᠎ᠤᠨ ᠠᠭᠤᠷ ᠠᠮᠢᠰᠬᠤᠯ ᠨᠠᠩ ᠭᠦᠨ ᠵᠤᠵᠠᠭ᠋ᠠᠨ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠣᠷᠣᠰᠢᠵᠤ ᠪᠠᠶ᠋ᠢᠭ᠎ᠠ ᠠᠰᠠᠭᠤᠳᠠᠯ᠎ᠢ ᠡᠷᠡᠰ ᠴᠡᠭᠴᠡᠯᠡᠨ ᠰᠠᠶ᠋ᠢᠵᠢᠷᠠᠭᠤᠯᠵᠤ᠂ ᠡᠯ᠎ᠡ ᠵᠤᠢ᠌ᠯ᠎ᠤᠨ ᠠᠵᠢᠯ᠎ᠢ ᠲᠠᠰᠤᠷᠠᠯᠲᠠ ᠥᠬᠡᠶ   ᠳᠡᠭᠦᠯᠳᠡᠷᠵᠢᠭᠦᠯᠪᠠ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠭ᠎ᠤᠨ ᠣᠷᠳᠣᠨ᠎ᠤ ᠠᠵᠢᠯ᠎ᠢ ᠬᠠᠤᠯᠢ᠎ᠪᠠᠷ ᠵᠠᠰᠠᠬᠤ ᠵᠠᠮ᠎ᠳᠤ ᠪᠦᠬᠦ ᠲᠠᠯ᠎ᠠ᠎ᠪᠠᠷ ᠣᠷᠣᠭᠤᠯᠤᠨ᠎ᠠ᠃ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠶᠣᠰᠣᠭ᠋ᠠᠷ ᠬᠢᠨᠠᠯᠲᠠ ᠲᠠᠯᠪᠢᠬᠤ ᠪᠠ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠨ ᠠᠪᠴᠤ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠵᠥᠪᠯᠡᠯᠭᠡ ᠵᠢ 119 ᠬᠤᠪᠢ ᠰᠢᠢ᠍ᠳᠪᠤᠷᠢᠯᠡᠵᠦ᠂ ᠬᠠᠷᠢᠭᠤᠯᠲᠠ ᠥᠭᠭᠦᠭᠰᠡᠨ ᠨᠤᠷᠮ᠎ᠠ᠎ᠨᠢ 100%᠎ᠳᠤ ᠬᠦᠷᠴᠡᠶ᠃ ᠨᠡᠶ᠋ᠢᠭᠡᠮ᠎ᠤᠨ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠴᠦ᠂ ᠲᠥᠷᠥ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠬᠤ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠤᠨ᠂ ᠭᠣᠤᠯᠳᠠᠯᠭ᠎ᠠ᠎ᠲᠠᠢ ᠬᠦᠷᠢᠶ᠎ᠡ ᠪᠠ ᠠᠷᠠᠳ᠎ᠤᠨ ᠠᠮᠢᠳᠤᠷᠠᠯ᠎ᠤᠨ ᠬᠦᠷᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠡᠮᠬᠢ ᠵᠢᠷᠤᠮ᠎ᠲᠠᠢ ᠦᠷᠨᠢᠭᠦᠯᠤᠨ᠎ᠠ᠃ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ 《ᠨᠢᠭᠡ ᠠᠵᠢᠯ ᠬᠣᠶᠠᠷ ᠬᠠᠷᠢᠭᠤᠴᠠᠯᠭ᠎ᠠ》 ᠵᠢᠨ ᠲᠦᠷᠢᠮ᠎ᠢ ᠬᠢᠨᠠᠮᠠᠭ᠋ᠠᠶ ᠭᠦᠢ᠍ᠴᠡᠳᠬᠡᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠵᠤ᠂ ᠵᠠᠰᠠᠭ᠎ᠤᠨ ᠰᠤᠷᠲᠠᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠤᠢ᠌ᠯᠡᠳᠤᠯ ᠴᠢᠳᠠᠪᠤᠷᠢ ᠵᠢ ᠢᠯᠡᠳᠲᠡ ᠳᠡᠭᠡᠭᠰᠢᠯᠡᠭᠦᠯᠪᠡ᠃
  ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ᠎ᠳᠤ ᠪᠢᠳᠡ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠶ᠋ᠢᠯᠭ᠎ᠠ ᠭᠠᠷᠭ᠋ᠠᠵᠤ ᠣᠯᠤᠭᠰᠠᠨ ᠠᠮᠵᠢᠯᠲᠠ ᠪᠦᠲᠦᠮᠵᠢ᠎ᠨᠢ ᠬᠢᠯᠪᠠᠷ ᠪᠤᠰᠤ ᠶᠤᠮ᠃ ᠡᠨᠡ ᠪᠣᠯ ᠬᠣᠲᠠ ᠵᠢᠨ ᠨᠠᠮ᠎ᠤᠨ ᠬᠣᠷᠢᠶᠠᠨ᠎ᠤ ᠵᠥᠪ ᠤᠳᠤᠷᠢᠳᠤᠭᠰᠠᠨ᠎ᠤ ᠦᠷ᠎ᠡ ᠳ᠋ᠦᠩ ᠮᠥᠨ᠂ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠬᠣᠲᠠ ᠵᠢᠨ ᠤᠯᠤᠰ ᠲᠥᠷᠦ ᠵᠢᠨ ᠵᠥᠪᠯᠡᠯᠭᠡᠨ᠎ᠤ ᠬᠢᠨᠠᠯᠲᠠ ᠳᠡᠮᠵᠢᠯᠭᠡ ᠵᠢᠨ ᠦᠷ᠎ᠡ ᠳ᠋ᠦᠩ ᠮᠥᠨ᠂ ᠪᠦᠬᠦ ᠬᠣᠲᠠ ᠵᠢᠨ ᠠᠷᠠᠳ ᠲᠦᠮᠡᠨ᠎ᠤ ᠪᠦᠯᠬᠦᠮᠳᠡᠨ ᠲᠡᠮᠡᠴᠡᠭᠰᠡᠨ ᠪᠠ ᠡᠯ᠎ᠡ ᠲᠠᠯ᠎ᠠ ᠵᠢᠨ᠎ᠬᠢᠨ᠎ᠤ ᠬᠦᠴᠦᠲᠡᠢ ᠳᠡᠮᠵᠢᠭᠰᠡᠨ᠎ᠤ ᠦᠷ᠎ᠡ ᠳ᠋ᠦᠩ ᠮᠥᠨ᠃ ᠡᠨᠳᠡ ᠪᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠨ᠂ ᠲᠥᠯᠥᠭᠡᠯᠡᠭᠴᠢᠳ᠂ ᠭᠡᠰᠢᠭᠦᠳ ᠪᠣᠯᠤᠨ ᠪᠦᠬᠦ ᠬᠣᠲᠠ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠵᠢᠴᠢ ᠬᠡᠭᠡᠨ ᠭᠣᠣᠯ᠎ᠤᠨ ᠬᠥᠭᠵᠢᠯᠲᠡ᠎ᠳᠤ ᠤᠷᠤᠯᠴᠠᠨ ᠬᠠᠯᠠᠮᠵᠢᠯᠠᠨ ᠳᠠᠮᠵᠢᠵᠤ ᠪᠠᠢ᠌ᠭ᠎ᠠ ᠡᠯ᠎ᠡ ᠡᠲᠡᠭᠡᠳ᠎ᠤᠨ ᠬᠥᠮᠦᠰ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!  
  ᠪᠢᠳᠡ ᠠᠵᠢᠯ᠎ᠤᠨ ᠳᠤᠮᠳᠠ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶ᠋ᠢᠬᠤ ᠵᠢ ᠰᠡᠷᠭᠡᠭ ᠵᠶ᠋ᠠᠷ ᠣᠯᠵᠤ ᠬᠠᠷᠠᠪᠠ᠄ ᠭᠣᠣᠯᠳᠠᠭᠤ ᠠᠵᠤ ᠠᠬᠤᠢ ᠵᠢᠨ ᠲᠣᠭᠲᠠᠭᠤᠨ ᠡᠷᠭᠢᠯᠲᠡ ᠵᠢᠨ ᠰᠠᠭᠤᠷᠢ ᠪᠠᠰᠠ ᠪᠠᠲᠤ ᠪᠡᠬᠢ ᠪᠢᠰᠢ ᠪᠠᠶ᠋ᠢᠭᠰᠠᠭ᠋ᠠᠷ᠂ ᠠᠵᠤ   ᠤᠢ᠌ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠡᠭᠦᠷᠭᠡ ᠬᠠᠲᠠᠭᠤ ᠪᠡᠷᠬᠡ ᠪᠠᠶ᠋ᠢᠵᠤ᠂ ᠣᠲᠣ ᠵᠢᠨ ᠪᠠᠶ᠋ᠢᠭ᠎ᠠ ᠠᠵᠤ ᠤᠢ᠌ᠯᠡᠰ᠎ᠤᠨ ᠪᠦᠷᠢᠯᠳᠦᠬᠦ ᠬᠡᠪᠴᠢᠶ᠎ᠡ ᠥᠬᠡᠶ; ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠠᠶ᠋ᠢᠵᠢᠷᠠᠭᠤᠯᠬᠤ ᠴᠢᠬᠤᠯᠠᠲᠠᠶ ᠪᠠᠶ᠋ᠢᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠠᠲᠠᠬᠤ ᠬᠦᠴᠦᠨ ᠴᠢᠩᠭ᠎ᠠ ᠪᠢᠰᠢ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠮᠥᠨ ᠬᠦᠷᠦᠯᠴᠡᠬᠦ ᠦᠭᠡᠢ ᠪᠠᠢ᠌ᠵᠤ᠂ ᠲᠥᠷᠥᠯ ᠵᠤᠢ᠌ᠯ᠎ᠢ ᠲᠥᠰᠦᠪᠯᠡᠨ ᠨᠥᠭᠡᠴᠡᠯᠡᠬᠦ ᠲᠠᠯ᠎ᠠ᠎ᠪᠠᠷ ᠬᠦᠷᠦᠯᠴᠡᠬᠦ ᠥᠬᠡᠶ ᠪᠠᠶ᠋ᠢᠵᠤ᠂ ᠪᠠᠯᠠ ᠣᠷᠣᠭᠤᠯᠤᠯᠲᠠ ᠵᠢᠨ ᠳᠠᠶ᠋ᠢᠴᠢᠯᠠᠬᠤ ᠤᠢ᠌ᠯᠡᠳᠤᠯ ᠰᠤᠯᠠ ᠪᠠᠢ᠌ᠵᠤ᠂ ᠬᠡᠷᠡᠭᠯᠡᠵᠦ ᠪᠣᠯᠬᠤ ᠡᠳ᠋᠎ᠤᠨ ᠬᠦᠴᠦᠨ ᠬᠦᠷᠦᠯᠴᠡᠬᠦ ᠦᠭᠡᠢ᠂ ᠣᠷᠣᠯᠭ᠎ᠠ ᠵᠠᠷᠤᠯᠭ᠎ᠠ ᠵᠢᠨ ᠵᠥᠷᠢᠴᠡᠯ ᠲᠤᠪᠤᠢ᠍ᠢ᠍ᠮ᠎ᠠ ᠪᠠᠢ᠌ᠵᠤ᠂ ᠴᠠᠯᠢᠩ᠎ᠢ ᠪᠠᠲᠤᠯᠠᠬᠤ᠂ ᠡᠷᠭᠢᠯᠲᠡ ᠵᠢ ᠪᠠᠲᠤᠯᠠᠬᠤ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠪᠠ ᠥᠷᠢ ᠥᠭᠴᠡᠭᠡ ᠵᠢ ᠠᠷᠢᠯᠭ᠋ᠠᠬᠤ ᠳᠠᠷᠤᠯᠲᠠ ᠨᠡᠯᠢᠶᠡᠳ ᠶᠡᠬᠡ ᠪᠠᠶ᠋ᠢᠨ᠎ᠠ᠃ ᠠᠷᠠᠳ᠎ᠤᠨ ᠠᠮᠢᠳᠤᠷᠠᠯ᠎ᠤᠨ ᠬᠦᠷᠢᠶ᠎ᠡ᠂ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠤ ᠪᠠᠰᠠ ᠲᠤᠳᠠᠭᠤᠳᠠᠯ ᠣᠷᠣᠰᠢᠵᠤ ᠪᠠᠶ᠋ᠢᠨ᠎ᠠ᠃ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠴᠢᠬᠤᠯᠠᠲᠠᠶ ᠪᠠᠶ᠋ᠢᠵᠤ᠂ ᠵᠠᠷᠢᠮ ᠺᠠᠳ᠋ᠷ᠎ᠤᠨ ᠬᠥᠭᠵᠢᠯᠲᠡ ᠵᠢᠨ ᠤᠬᠠᠮᠰᠠᠷ ᠴᠢᠩᠭ᠎ᠠ ᠪᠢᠰᠢ᠂ ᠠᠵᠢᠯ ᠬᠢᠵᠦ ᠤᠢ᠌ᠯᠡᠰ ᠪᠦᠲᠦᠭᠡᠬᠦ ᠡᠷᠴᠢ ᠵᠣᠷᠢᠭ᠎ᠨᠢ ᠳᠡᠭᠡᠭᠰᠢᠯᠡᠭᠦᠯᠬᠦ ᠴᠢᠬᠤᠯᠠᠲᠠᠶ ᠪᠠᠶ᠋ᠢᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ᠎ᠢ ᠪᠢᠳᠡ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠲᠥᠯᠥᠪᠯᠡᠭᠡ᠎ᠲᠠᠢ᠂ ᠠᠯᠬᠤᠮ ᠲᠠᠷᠠᠭ᠎ᠠ᠎ᠲᠠᠢ᠎ᠪᠠᠷ ᠬᠢᠨᠠᠮᠠᠭ᠋ᠠᠶ ᠰᠢᠢ᠍ᠳᠪᠤᠷᠢᠯᠡᠬᠦ ᠴᠢᠬᠤᠯᠠᠲᠠᠶ ᠪᠠᠶ᠋ᠢᠨ᠎ᠠ᠃
   
ᠢᠷᠡᠯᠲᠡ᠄ ᠭᠡᠭᠡᠨ ᠭᠤᠤᠯ ᠬᠤᠲᠡ ᠵᠢᠨ ᠠᠷᠠᠳ᠎ᠤᠨ ᠵᠠᠰᠠᠭ᠎ᠤᠨ ᠤᠷᠳᠤᠨ
Baidu
map