2020 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ (ᠲᠦᠷᠪᠡ)
ᠨᠡᠶ᠋ᠢᠲᠡᠯᠡᠭᠰᠡᠨ ᠴᠠᠭ᠄ 2020-12-11

 (ᠭᠤᠷᠪᠠ) ᠦᠷ᠎ᠡ ᠪᠦᠲᠦᠭᠡᠯ ᠵᠶ᠋ᠠᠨ ᠪᠡᠬᠢᠵᠢᠭᠦᠯᠬᠦ ᠵᠢ ᠪᠠᠷᠢᠮᠲᠠᠯᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠢ ᠦᠨᠡᠨᠬᠦ ᠬᠠᠮᠠᠭ᠋ᠠᠯᠠᠬᠤ ᠬᠡᠷᠡᠭᠲᠡᠶ᠃ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠶᠡᠷᠦᠩᠬᠡᠶ ᠲᠥᠯᠥᠪᠵᠢᠭᠦᠯᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠭᠰᠠᠨ ᠭᠣᠤᠯᠳᠠᠯᠭ᠎ᠠ᠎ᠲᠠᠢ ᠤᠯᠤᠰ᠎ᠤᠨ ᠦᠮᠴᠢᠯᠡᠯᠲᠦ ᠰᠢᠭᠤᠶ᠋ᠢᠲᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢ ᠨᠤᠲᠠᠯᠠᠨ ᠳᠠᠩᠰᠠᠯᠠᠬᠤ ᠠᠵᠢᠯ᠎ᠢ ᠰᠠᠶ᠋ᠢᠲᠤᠷ ᠬᠢᠵᠦ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ   ᠪᠡᠯᠴᠢᠭᠡᠷ᠎ᠢ ᠶᠡᠷᠦᠩᠬᠡᠶ᠋ᠢᠯᠡᠨ ᠵᠠᠰᠠᠬᠤ ᠵᠢ ᠨᠢᠬᠡᠳᠤᠯᠲᠡᠢ ᠲᠥᠯᠥᠪᠯᠡᠨ ᠠᠬᠢᠭᠤᠯᠤᠨ᠎ᠠ᠃ ᠰᠢᠶᠠᠨ᠎ᠤ ᠬᠡᠪᠴᠢᠶᠡᠨ᠎ᠤ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠰᠢᠯᠭ᠋ᠠᠨ ᠬᠢᠨᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠨ᠎ᠠ᠃ 《ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ》 ᠵᠢᠨ ᠦᠷ᠎ᠡ ᠪᠦᠳᠤᠭᠡᠯ᠎ᠤᠨ ᠲᠠᠪᠴᠠᠩ᠎ᠢ ᠭᠦᠢ᠍ᠴᠡᠳ ᠬᠡᠷᠡᠭᠯᠡᠵᠦ᠂ ᠤᠯᠤᠰ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠵᠢᠨ ᠶᠡᠷᠦᠩᠬᠡᠶ᠋ᠢᠯᠡᠭᠰᠡᠨ ᠲᠤᠷᠰᠢᠯᠲᠠ ᠵᠢ ᠢᠳᠡᠪᠬᠢᠲᠡᠢ᠎ᠪᠠᠷ ᠭᠤᠶᠤᠴᠢᠯᠠᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠶ ᠠᠯᠳᠠ ᠮᠥᠩᠭᠥᠨ ᠠᠭᠤᠯᠠ》 ᠵᠢᠨ ᠤᠢ᠌ᠯᠡᠳᠤᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠨ ᠪᠠᠶ᠋ᠢᠭᠤᠯᠤᠨ᠎ᠠ᠃   ᠠᠭᠤᠷᠬᠠᠢ ᠵᠢᠨ ᠭᠠᠵᠠᠷ᠎ᠤᠨ ᠣᠷᠴᠢᠨ ᠲᠤᠭᠤᠷᠢᠨ᠎ᠢ ᠰᠡᠷᠭᠦᠭᠡᠨ ᠵᠠᠰᠠᠬᠤ ᠡᠷᠴᠢᠮ᠎ᠢ ᠨᠡᠮᠡᠭᠳᠡᠭᠦᠯᠵᠦ᠂ ᠠᠭᠤᠷᠬᠠᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠡᠷᠡᠭᠲᠡᠶ᠃ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠦᠷᠢᠶᠡᠨ᠎ᠲᠠᠬᠢ ᠳᠤᠪᠤᠢ᠌ᠮ᠎ᠠ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠬᠠᠤᠯᠢ ᠬᠡᠷᠡᠭᠵᠢᠭᠦᠯᠵᠦ ᠬᠢᠨᠠᠨ ᠪᠠᠶ᠋ᠢᠴᠠᠭ᠋ᠠᠬᠤ ᠡᠷᠴᠢᠮ ᠵᠶ᠋ᠠᠨ ᠨᠡᠮᠡᠭᠳᠡᠭᠦᠯᠵᠦ᠂ ᠬᠠᠤᠯᠢ ᠪᠤᠰᠤ᠎ᠪᠠᠷ ᠭᠠᠵᠠᠷ ᠡᠵᠡᠯᠡᠬᠦ᠂ ᠦᠨᠡᠮᠯᠡᠯ ᠦᠭᠡᠢ᠎ᠪᠠᠷ ᠨᠡᠭᠡᠭᠡᠨ ᠮᠠᠯᠲᠠᠬᠤ ᠵᠡᠷᠭᠡ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ 《ᠳᠥᠷᠪᠡᠨ ᠰᠠᠮᠠᠭᠤᠨ》᠎ᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠵᠦ᠂ ᠭᠣᠤᠯ ᠮᠦᠷᠡᠨ᠎ᠤ ᠳᠠᠷᠤᠭ᠎ᠠ ᠵᠢᠨ ᠲᠦᠷᠢᠮ᠎ᠢ ᠪᠠᠢ᠌ᠩᠭᠤ ᠭᠣᠤᠯ ᠴᠠᠭᠳᠠᠨ ᠪᠠᠶ᠋ᠢᠴᠠᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠭᠠᠵᠠᠷ ᠣᠷᠣᠨ᠎ᠤ ᠤᠰᠤᠨ᠎ᠤ ᠣᠷᠴᠢᠨ ᠲᠣᠭᠣᠷᠢᠨ᠎ᠤ ᠠᠮᠤᠷ ᠲᠦᠪᠰᠢᠨ᠎ᠢ ᠡᠷᠡᠰ ᠬᠠᠮᠠᠭ᠋ᠠᠯᠠᠨ᠎ᠠ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠶᠡᠷᠦᠩᠬᠡᠶ ᠪᠡᠯᠡ ᠣᠷᠣᠭᠤᠯᠤᠯᠲᠠ᠎ᠨᠢ 919 ᠲᠦᠮᠡᠨ ᠲᠥᠭᠥᠷᠢᠭ᠎ᠤᠨ ᠵᠢᠢ ᠯᠢᠦ ᠾᠧ ᠭᠣᠤᠯ᠎ᠤᠨ ᠬᠡᠰᠡᠭ᠎ᠲᠤ ᠪᠤᠴᠠᠨ ᠢᠷᠡᠬᠦ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢ ᠦᠷᠭᠦᠯᠵᠢᠯᠡᠨ ᠪᠠᠶ᠋ᠢᠭᠤᠯᠬᠤ 635 ᠲᠦᠮᠡᠨ ᠲᠥᠭᠥᠷᠢᠭ᠎ᠤᠨ ᠶᠡᠷᠦᠩᠬᠡᠶ ᠪᠡᠯᠡ ᠣᠷᠣᠭᠤᠯᠤᠯᠲᠠ ᠵᠢᠨ ᠴᠤᠤ ᠴᠠ ᠭᠣᠤᠯ᠎ᠤᠨ ᠵᠡᠭᠦᠨ ᠡᠷᠭᠢ ᠵᠢᠨ ᠦᠶᠡᠷ᠎ᠢ ᠰᠡᠷᠭᠡᠢ᠌ᠯᠡᠬᠦ ᠰᠤᠪᠠᠭ᠎ᠤᠨ ᠢᠨᠵᠧᠨᠧᠷᠢᠩ᠎ᠢ ᠬᠡᠷᠡᠭᠵᠢᠭᠦᠯᠵᠦ᠂ ᠭᠡᠭᠡᠨ ᠭᠣᠤᠯ᠎ᠤᠨ ᠵᠢᠢ ᠯᠢᠦ ᠾᠧ ᠭᠣᠤᠯ᠎ᠤᠨ ᠴᠢᠬᠤᠯᠠ ᠭᠣᠤᠯ ᠤᠷᠤᠰᠬᠠᠯ᠎ᠢ ᠵᠠᠰᠠᠬᠤ ᠢᠨᠵᠧᠨᠧᠷᠢᠩ᠎ᠢ ᠪᠡᠶᠡᠯᠡᠬᠦᠯᠤᠨ᠎ᠡ᠂ ᠤᠯᠭᠤᠶᠠ ᠡᠸᠡᠩᠬᠢ ᠦᠨᠳᠦᠰᠦᠲᠡᠨ᠎ᠤ ᠰᠢᠶᠠᠩ (ᠤᠭ ᠨᠤᠲᠤᠭ)᠎ᠤᠨ ᠡᠷᠭᠢ ᠬᠠᠮᠠᠭ᠋ᠠᠯᠠᠬᠤ ᠢᠨᠵᠧᠨᠧᠷᠢᠩ᠂ ᠢᠦᠶ ᠴᠢᠤᠸᠠᠨ ᠾᠧ ᠭᠣᠤᠯ᠎ᠤᠨ ᠦᠶᠡᠷ᠎ᠢ ᠰᠡᠷᠭᠡᠶ᠋ᠢᠯᠡᠬᠦ ᠢᠨᠵᠧᠨᠧᠷᠢᠩ᠎ᠢ ᠢᠳᠡᠪᠬᠢᠲᠡᠢ ᠠᠬᠢᠭᠤᠯᠵᠤ᠂ ᠭᠠᠵᠠᠷ ᠣᠷᠣᠨ᠎ᠤ ᠦᠶᠡᠷ᠎ᠢ ᠰᠡᠷᠭᠡᠶ᠋ᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠦᠵᠡᠮᠵᠢ ᠵᠢᠨ ᠲᠥᠬᠥᠭᠡᠷᠦᠮᠵᠢ ᠵᠢ ᠥᠭᠡᠷᠡᠴᠢᠯᠡᠬᠦ ᠪᠠ ᠬᠠᠮᠠᠭ᠋ᠠᠯᠠᠬᠤ ᠲᠥᠷᠥᠯ ᠵᠦᠢ᠍ᠯ᠎ᠢ ᠬᠡᠷᠡᠭᠵᠢᠭᠦᠯᠵᠦ᠂ ᠣᠶ᠋ᠢᠵᠢᠭᠤᠯᠵᠤ ᠡᠪᠡᠰᠦ ᠲᠠᠷᠢᠬᠤ ᠨᠣᠭᠣᠭ᠋ᠠᠷᠠᠭᠤᠯᠤᠯᠲᠠ ᠵᠢ ᠴᠢᠩᠭ᠋ᠠᠳᠬᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠤᠨᠲᠠᠷᠠᠭ᠋ᠠᠬᠤ ᠪᠠ ᠣᠶ ᠰᠢᠭᠤᠶ ᠵᠢᠨ ᠡᠪᠡᠳᠴᠢᠨ ᠬᠣᠷᠣᠬᠠᠶ ᠵᠢᠨ ᠭᠠᠮᠰᠢᠭ᠎ᠢ ᠰᠡᠷᠭᠡᠶ᠋ᠢᠯᠡᠨ ᠵᠠᠰᠠᠬᠤ ᠠᠵᠢᠯ᠎ᠢ ᠰᠠᠶ᠋ᠢᠲᠤᠷ ᠠᠳᠬᠤᠨ᠎ᠠ᠃ ᠬᠡᠭᠡᠷ᠎ᠡ ᠵᠢᠨ ᠤᠷᠭᠤᠮᠠᠯ᠎ᠢ ᠳᠤᠷ᠎ᠠ᠎ᠪᠠᠷ ᠵᠶ᠋ᠠᠨ ᠲᠡᠭᠦᠵᠦ ᠮᠠᠯᠲᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠰᠥᠭᠡᠷᠭᠦ ᠬᠦᠴᠢᠯᠲᠥ᠋ᠷᠥᠭᠴᠢᠲᠦ ᠢᠶᠣᠨ᠎ᠤ ᠲᠣᠭ᠎ᠠ ᠪᠠᠷᠢᠮᠲᠠ ᠵᠢ ᠬᠢᠨᠠᠨ ᠬᠡᠮᠵᠢᠬᠦ ᠵᠢ ᠰᠠᠶ᠋ᠢᠲᠤᠷ ᠬᠢᠵᠦ᠂ 《ᠳᠤᠮᠳᠠᠳᠤ ᠤᠯᠤᠰ᠎ᠤᠨ ᠣᠶ ᠰᠢᠭᠤᠶ ᠵᠢᠨ ᠬᠦᠴᠢᠯᠲᠥ᠋ᠷᠥᠭᠴᠢ ᠵᠢᠨ ᠪᠠᠭ᠋ᠠᠷ》᠎ᠢ ᠭᠡᠷᠡᠴᠢᠯᠡᠬᠦ ᠠᠵᠢᠯ᠎ᠢ ᠠᠬᠢᠭᠤᠯᠤᠨ᠎ᠠ᠃ ᠵᠤᠰᠠᠯᠠᠩ ᠪᠠᠶ᠋ᠢᠭᠤᠯᠬᠤ ᠵᠢ ᠵᠥᠷᠢᠴᠡᠭᠰᠡᠨ ᠠᠰᠠᠭᠤᠳᠠᠯ᠎ᠢ ᠪᠦᠬᠦ ᠲᠠᠯ᠎ᠠ᠎ᠪᠠᠷ ᠪᠠᠶ᠋ᠢᠴᠠᠭ᠋ᠠᠵᠤ᠂ ᠴᠡᠭᠴᠡᠯᠡᠨ ᠵᠠᠰᠠᠬᠤ ᠡᠭᠦᠷᠭᠡ ᠵᠢ ᠡᠷᠡᠰ ᠪᠡᠶᠡᠯᠡᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠬᠡᠮᠵᠢᠬᠦ᠂ ᠡᠷᠬᠡ ᠵᠢ ᠨᠤᠲᠠᠯᠠᠨ ᠲᠣᠭᠲᠠᠭ᠋ᠠᠬᠤ ᠲᠤᠷᠰᠢᠯᠲᠠ ᠪᠠ ᠭᠤᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠨᠤᠲᠤᠭ ᠳᠡᠪᠢᠰᠬᠡᠷ᠎ᠤᠨ ᠪᠠᠶ᠋ᠢᠴᠠᠭ᠋ᠠᠯᠲᠠ ᠵᠢᠨ ᠠᠵᠢᠯ᠎ᠢ ᠥᠷᠨᠢᠭᠦᠯᠦᠨ᠎ᠡ᠃          
 (ᠳᠥᠷᠪᠡᠨ)   ᠭᠠᠵᠠᠷ ᠤᠷᠤᠨ᠎ᠤ ᠤᠨᠴᠠᠯᠢᠭ᠎ᠢ ᠪᠤᠢ ᠪᠣᠯᠭ᠋ᠠᠬᠤ ᠵᠢ ᠪᠠᠷᠢᠮᠲᠠᠯᠠᠵᠤ᠂ ᠬᠣᠲᠠ ᠪᠠᠯᠭ᠋ᠠᠰᠤ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠬᠦ ᠬᠡᠷᠡᠭᠲᠡᠶ᠃ ᠬᠣᠲᠠ ᠵᠢᠨ ᠶᠡᠷᠦᠩᠬᠡᠶ ᠲᠥᠯᠥᠪᠵᠢᠭᠦᠯᠪᠡ ᠶᠣᠰᠣᠭ᠋ᠠᠷ᠂   ᠪᠤᠭᠤᠴᠢᠨ ᠦᠨᠳᠤᠰᠤᠳᠠᠨ᠎ᠤ ᠵᠠᠩ ᠦᠢ᠍ᠯᠡ ᠵᠢᠨ ᠣᠨᠴᠠᠯᠢᠭ᠎ᠲᠠᠢ᠂ ᠤᠮᠠᠷᠠᠲᠤ ᠡᠸᠦ᠋ᠷᠦᠫᠡ ᠵᠢᠨ ᠭᠠᠵᠠᠷ ᠣᠷᠣᠨ᠎ᠤ ᠣᠨᠴᠠᠯᠢᠭ᠎ᠲᠠᠢ᠂ ᠰᠸᠨ ᠭᠦᠩ᠎ᠤᠨ ᠲᠡᠤᠬᠡ ᠵᠢᠨ ᠳᠤᠷᠠᠰᠤᠮᠵᠢ᠎ᠲᠠᠢ ᠵᠢᠭᠤᠯᠴᠢᠯᠠᠯ᠎ᠤᠨ ᠬᠣᠲᠠ ᠵᠢ ᠪᠥᠬᠥ ᠬᠦᠴᠦᠨ ᠵᠶ᠋ᠠᠷ ᠵᠶ᠋ᠠᠨ ᠪᠠᠶ᠋ᠢᠭᠤᠯᠤᠨ᠎ᠠ᠃
  ᠬᠣᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠬᠣᠲᠠ ᠵᠢᠨ ᠴᠢᠳᠠᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠣᠲᠠ ᠪᠠᠯᠭ᠋ᠠᠰᠤᠨ᠎ᠤ ᠰᠠᠭᠤᠷᠢ ᠲᠦᠬᠦᠭᠡᠷᠤᠮᠵᠢ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠵᠦ᠂ 492 ᠲᠦᠮᠡᠨ ᠲᠥᠭᠥᠷᠢᠭ᠎ᠤᠨ ᠶᠡᠷᠦᠩᠬᠡᠶ ᠪᠡᠯᠡ ᠣᠷᠣᠭᠤᠯᠤᠯᠲᠠ ᠪᠦᠬᠦᠢ ᠪᠠᠷᠢᠯᠭ᠎ᠠ ᠵᠢᠨ ᠡᠨᠧᠷᠭᠢ ᠠᠷᠪᠢᠯᠠᠬᠤ ᠦᠭᠡᠷᠡᠴᠢᠯᠡᠯᠲᠡ ᠵᠢᠨ ᠢᠨᠵᠧᠨᠧᠷᠢᠩ᠂ 4678 ᠲᠦᠮᠡᠨ ᠲᠥᠭᠥᠷᠢᠭ᠎ᠤᠨ ᠶᠡᠷᠦᠩᠬᠡᠶ ᠪᠡᠯᠡ ᠣᠷᠣᠭᠤᠯᠤᠯᠲᠠ ᠪᠦᠬᠦᠢ ᠬᠠᠭᠤᠴᠢᠨ ᠵᠢᠵᠢᠭ ᠲᠣᠭᠣᠷᠢᠭ᠎ᠢ ᠥᠭᠡᠷᠡᠴᠢᠯᠡᠬᠦ ᠢᠨᠵᠧᠨᠧᠷᠢᠩ᠎ᠢ ᠬᠡᠷᠡᠭᠵᠢᠭᠦᠯᠵᠦ᠂ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠨᠢᠭᠡᠳᠦᠭᠡᠷ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠣᠷᠣᠨ᠎ᠢ ᠴᠡᠭᠴᠡᠯᠡᠨ ᠵᠠᠰᠠᠬᠤ ᠵᠢᠴᠢ ᠬᠦᠷᠢᠶᠡᠯᠡᠭᠰᠡᠨ ᠲᠤᠤᠷ᠎ᠤᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠂ ᠭᠣᠤᠯ ᠬᠣᠲᠠ ᠲᠣᠭᠣᠷᠢᠭ ᠵᠢᠴᠢ ᠤᠯᠭᠤᠶᠠ ᠡᠸᠠᠩᠬᠢ ᠦᠨᠳᠤᠰᠤᠳᠠᠨ᠎ᠤ ᠰᠢᠶᠠᠩ᠎ᠤᠨ ᠡᠨᠧᠷᠭᠢ ᠵᠢᠨ ᠲᠥᠪᠯᠡᠷᠡᠭᠦᠯᠦᠨ ᠢᠯᠴᠢ ᠬᠠᠩᠭ᠋ᠠᠬᠤ ᠢᠨᠵᠧᠨᠧᠷᠢᠩ᠂ ᠲᠡᠮᠦᠷ ᠵᠠᠮ᠎ᠤᠨ ᠠᠵᠢᠯᠴᠢᠨ᠎ᠤ ᠭᠡᠷ ᠪᠦᠯᠢ ᠵᠢᠨ ᠬᠠᠷᠢᠶ᠎ᠠ ᠲᠣᠭᠣᠷᠢᠭ᠎ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ᠎ᠢ ᠪᠡᠶᠡᠯᠡᠭᠦᠯᠪᠡ᠃ ᠬᠣᠲᠠ ᠵᠢᠨ ᠲᠣᠭᠣᠷᠢᠭ᠎ᠤᠨ ᠵᠠᠮ ᠬᠥᠭᠥᠷᠭᠡ ᠵᠢ ᠳᠡᠰ ᠳᠡᠪᠰᠢᠭᠦᠯᠦᠨ ᠥᠭᠡᠷᠡᠴᠢᠯᠡᠬᠦ ᠵᠢ ᠠᠬᠢᠭᠤᠯᠵᠤ᠂ 4238 ᠲᠦᠮᠡᠨ ᠲᠥᠭᠥᠷᠢᠭ᠎ᠤᠨ ᠶᠡᠷᠦᠩᠬᠡᠢ ᠪᠡᠯᠡ ᠣᠷᠣᠭᠤᠯᠤᠯᠲᠠ ᠪᠦᠬᠦᠢ ᠬᠣᠲᠠ ᠵᠢᠨ ᠲᠣᠭᠣᠷᠢᠭ᠎ᠤᠨ ᠵᠠᠮ ᠱᠤᠭᠤᠮ᠎ᠢ ᠳᠡᠰ ᠳᠠᠪᠰᠢᠭᠦᠯᠤᠨ ᠥᠭᠡᠷᠡᠴᠢᠯᠡᠬᠦ ᠲᠥᠷᠥᠯ ᠵᠦᠢ᠍ᠯ ᠵᠢᠴᠢ ᠤᠰᠤ ᠭᠠᠳᠠᠭᠰᠢᠯᠠᠭᠤᠯᠬᠤ ᠬᠣᠭᠣᠯᠠᠢ ᠵᠢᠨ ᠲᠣᠣᠷ᠎ᠤᠨ ᠢᠨᠵᠧᠨᠧᠷᠢᠩ᠂ 1200 ᠲᠦᠮᠡᠨ ᠲᠥᠭᠥᠷᠢᠭ᠎ᠤᠨ ᠶᠡᠷᠦᠩᠬᠡᠢ ᠪᠡᠯᠡ ᠣᠷᠣᠭᠤᠯᠤᠯᠲᠠ ᠪᠦᠬᠦᠢ ᠰᠠᠬᠢᠨ ᠬᠦᠯᠢᠶᠡᠨ · ᠬᠠᠷᠢᠯᠴᠠᠨ ᠬᠠᠪᠰᠤᠷᠬᠤ ᠬᠥᠭᠥᠷᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠦᠨ᠎ᠡ᠃ ᠰᠢᠶᠠᠩ ᠪᠠᠯᠭ᠋ᠠᠰᠤᠨ᠎ᠤ ᠢᠯᠴᠢ ᠬᠠᠩᠭ᠋ᠠᠬᠤ᠂ ᠤᠰᠤ ᠬᠠᠩᠭ᠋ᠠᠬᠤ ᠲᠥᠬᠥᠭᠡᠷᠦᠮᠵᠢ ᠵᠢ ᠰᠡᠯᠪᠢᠨ ᠵᠠᠰᠠᠵᠤ ᠥᠭᠡᠷᠡᠴᠢᠯᠡᠬᠦ ᠵᠢ ᠲᠦᠷᠭᠡᠳᠬᠡᠵᠦ᠂ ᠶᠡᠷᠦᠩᠬᠡᠢ ᠪᠡᠯᠡ ᠣᠷᠣᠭᠤᠯᠤᠯᠲᠠ᠎ᠨᠢ 561 ᠲᠦᠮᠡᠨ ᠲᠥᠭᠥᠷᠢᠭ᠎ᠤᠨ ᠰᠢᠶᠠᠩ ᠪᠠᠯᠭ᠋ᠠᠰᠤᠨ᠎ᠤ ᠠᠶᠤᠯᠭᠦᠢ ᠤᠤᠭᠤᠬᠤ ᠤᠰᠤᠨ᠎ᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ᠎ᠨᠢ 791 ᠲᠦᠮᠡᠨ ᠲᠥᠭᠥᠷᠢᠭ᠎ᠤᠨ ᠮᠠᠨᠬᠦ᠋ᠢ ᠵᠢᠨ ᠢᠯᠴᠢ ᠵᠢᠨ ᠡᠬᠢ ᠰᠤᠷᠪᠤᠯᠵᠢ ᠵᠢ ᠥᠷᠭᠡᠳᠬᠡᠨ ᠪᠠᠶ᠋ᠢᠭᠤᠯᠬᠤ ᠢᠨᠵᠧᠨᠧᠷᠢᠩ᠎ᠢ ᠠᠬᠢᠭᠤᠯᠤᠨ᠎ᠠ᠃ ᠬᠤᠳᠠᠯᠳᠤᠭ᠋ᠠᠨ᠎ᠤ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢ ᠳᠠᠮᠵᠢᠨ᠎ᠠ᠃ ᠬᠣᠲᠠ ᠲᠣᠭᠣᠷᠢᠭ᠎ᠤᠨ ᠨᠡᠶ᠋ᠢᠲᠡ ᠵᠢᠨ ᠵᠣᠷᠯᠣᠩ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠬᠣᠲᠠ ᠵᠢᠨ ᠳᠤᠲᠠᠭᠤᠳᠠᠯ᠎ᠢ ᠤᠯᠠᠮ ᠨᠢᠭᠡ ᠠᠯᠬᠤᠮ ᠨᠥᠬᠥᠪᠥᠷᠢᠯᠡᠨ᠂ ᠬᠣᠲᠠ ᠵᠢᠨ ᠴᠢᠳᠠᠪᠬᠢ ᠵᠢ ᠲᠡᠭᠦᠯᠳᠡᠷᠵᠢᠭᠦᠯᠦᠨ᠎ᠡ᠃
  ᠬᠣᠲᠠ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠳᠠᠭ᠋ᠠᠷᠢᠯᠲᠠ ᠵᠢᠨ ᠨᠥᠯᠥᠭᠡ ᠵᠢ ᠭᠦᠢ᠍ᠴᠡᠳ ᠰᠤᠳᠤᠯᠤᠨ ᠮᠠᠭ᠋ᠠᠳᠯᠠᠵᠤ᠂ ᠬᠠᠮᠢᠶᠠᠷᠤᠯᠲᠠ ᠵᠢᠨ ᠭᠣᠤᠯᠳᠠᠯᠭ᠎ᠠ ᠵᠢ ᠳᠣᠷᠣᠭᠰᠢ ᠰᠢᠯᠵᠢᠭᠦᠯᠵᠦ᠂ ᠬᠦᠴᠦᠨ ᠴᠢᠳᠠᠯ᠎ᠢ ᠳᠣᠷᠣᠭᠰᠢ ᠪᠠᠭᠤᠯᠭ᠋ᠠᠬᠤ ᠵᠢ ᠪᠠᠷᠢᠮᠲᠠᠯᠠᠨ᠂ ᠤᠶᠤᠨᠲᠤ ᠨᠡᠶ᠋ᠢᠭᠡᠮ ᠲᠣᠭᠣᠷᠢᠭ᠎ᠤᠨ ᠪᠠᠶ᠋ᠢᠭᠤᠯᠤᠯᠲᠠ ᠵᠢ ᠠᠬᠢᠭᠤᠯᠵᠠᠶ᠃ ᠲᠣᠤᠷᠵᠢᠭᠤᠯᠤᠭᠰᠠᠨ᠂ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠦᠨ᠎ᠡ᠃ ᠡᠩ᠎ᠤᠨ ᠭᠡᠷ ᠪᠠᠶ᠋ᠢᠰᠢᠩ᠎ᠤᠨ ᠣᠷᠣᠨ ᠪᠦᠰᠡ᠂ ᠠᠰᠠᠷ ᠪᠠᠶ᠋ᠢᠰᠢᠩ᠎ᠤᠨ ᠣᠷᠣᠨ ᠪᠦᠰᠡ ᠵᠢᠴᠢ ᠬᠣᠯᠢᠮᠠᠭ ᠣᠷᠣᠨ ᠪᠦᠰᠡ ᠵᠢᠨ ᠲᠥᠷᠥᠯ ᠢᠯᠭ᠋ᠠᠯ᠎ᠢ ᠢᠯᠭ᠋ᠠᠵᠤ᠂ ᠨᠡᠶ᠋ᠢᠭᠡᠮ ᠲᠣᠭᠣᠷᠢᠭ᠎ᠤᠨ ᠪᠢᠲᠡᠭᠦᠮᠵᠢᠯᠡᠨ ᠬᠠᠮᠢᠶᠠᠷᠬᠤ ᠲᠣᠭᠲᠠᠴᠠ ᠵᠢ ᠲᠦᠯᠤᠪᠯᠡᠨ ᠪᠠᠢ᠌ᠭᠤᠯᠤᠨ᠎ᠠ᠃ ᠬᠣᠲᠠ ᠵᠢᠨ ᠦᠵᠡᠮᠵᠢ ᠬᠣᠲᠠ ᠵᠢᠨ ᠳᠦᠷᠰᠦ ᠪᠠᠢ᠌ᠳᠠᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠶᠡᠬᠡ ᠬᠦᠴᠦ ᠣᠷᠣᠭᠤᠯᠵᠤ ᠪᠠᠶ᠋ᠢᠭ᠋ᠠᠳ ᠭᠣᠤᠯᠳᠠᠯᠭ᠎ᠠ᠎ᠲᠠᠢ ᠭᠠᠵᠠᠷ᠎ᠤᠨ ᠬᠠᠤᠯᠢ᠎ᠠᠴᠠ ᠵᠥᠷᠢᠴᠡᠨ ᠪᠦᠲᠦᠭᠡᠨ   ᠪᠠᠢ᠌ᠭᠤᠯᠤᠭᠰᠠᠨ᠂ ᠬᠠᠤᠯᠢ᠎ᠠᠴᠠ ᠵᠥᠷᠢᠴᠡᠨ ᠭᠠᠵᠠᠷ ᠡᠵᠡᠯᠡᠭᠰᠡᠨ ᠠᠰᠠᠭᠤᠳᠠᠯ᠎ᠳᠤ ᠲᠤᠰᠬᠠᠶ ᠴᠡᠭᠴᠡᠯᠡᠨ ᠵᠠᠰᠠᠯᠲᠠ ᠬᠢᠵᠦ᠂ ᠲᠤᠷ᠎ᠠ᠎ᠪᠠᠷ ᠪᠦᠲᠦᠭᠡᠨ ᠪᠠᠶ᠋ᠢᠭᠤᠯᠬᠤ ᠪᠠ ᠬᠠᠤᠯᠢ᠎ᠠᠴᠠ ᠵᠥᠷᠢᠴᠡᠨ ᠭᠠᠵᠠᠷ ᠡᠵᠡᠯᠡᠬᠦ ᠦᠢ᠍ᠯᠡ ᠠᠵᠢᠯᠯᠠᠭ᠎ᠠ ᠵᠢ ᠡᠷᠡᠰ ᠬᠣᠷᠢᠭᠯᠠᠨ ᠵᠣᠭᠰᠣᠭ᠋ᠠᠨ᠎ᠠ᠃ ᠬᠣᠲᠠ ᠵᠢᠨ ᠪᠦᠬᠦᠯᠢ ᠴᠣᠭᠴᠠ ᠵᠢᠨ ᠳᠦᠷᠢ ᠲᠥᠷᠬᠦ ᠵᠢ ᠰᠢᠯᠢᠳᠡᠭᠵᠢᠭᠦᠯᠦᠨ᠎ᠡ᠃
  ᠵᠠᠮ ᠬᠠᠷᠢᠯᠴᠠᠭ᠋ᠠᠨ᠎ᠤ ᠲᠣᠤᠷ ᠰᠦᠯᠵᠢᠶ᠎ᠡ ᠵᠢ ᠲᠡᠭᠦᠯᠳᠡᠷᠵᠢᠭᠦᠯᠦᠨ᠎ᠡ᠃ ᠭᠡᠭᠡᠨ ᠭᠣᠣᠯ᠎ᠤᠨ ᠤᠯᠭᠤᠶᠠ ᠵᠢᠨ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠳᠡᠰ ᠳᠡᠪᠰᠢᠭᠦᠯᠦᠨ ᠦᠭᠡᠷᠡᠴᠢᠯᠡᠬᠦ ᠠᠵᠢᠯ᠎ᠢ ᠲᠦᠷᠭᠡᠳᠬᠡᠵᠦ᠂ ᠮᠠᠨᠵᠤᠤᠷ᠎ᠤᠨ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠡᠵᠡᠩᠨᠡᠯᠲᠡ᠎ᠳᠤ ᠣᠷᠣᠭᠤᠯᠬᠤ ᠵᠢ ᠠᠬᠢᠭᠤᠯᠤᠨ᠎ᠠ᠃ 6.5 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠦᠭᠰᠡᠨ ᠳ᠋ᠸᠯᠪᠤᠷ᠎ᠠᠴᠠ ᠱᠠᠩ ᠬᠤ᠌ ᠯᠢᠨ᠂ ᠭᠡᠭᠡᠨ ᠭᠣᠤᠯ᠎ᠠᠴᠠ ᠪᠠᠶ ᠯᠦ᠍ ᠳ᠋ᠤᠤ᠂ ᠨᠢᠦ ᠡᠯ ᠾᠧ ᠣᠢ ᠰᠢᠭᠤᠶ ᠵᠢᠨ ᠲᠠᠯᠠᠪᠠᠢ᠎ᠠᠴᠠ ᠬᠠᠨ ᠮᠠ᠂ ᠮᠠᠨᠬᠦ᠋ᠶ ᠾᠧ ᠰᠢ ᠣᠢ ᠰᠢᠭᠤᠶ ᠵᠢᠨ ᠲᠠᠯᠠᠪᠠᠢ᠎ᠠᠴᠠ ᠹᠦ᠋ ᠺᠧ ᠱᠠᠨ ᠬᠦᠷᠬᠦ ᠳᠥᠷᠪᠡᠨ ᠵᠤᠢ᠌ᠯ᠎ᠤᠨ ᠰᠢᠭᠤᠶ᠋ᠢᠲᠤ ᠣᠷᠣᠨ᠎ᠤ ᠠᠵᠤ ᠠᠬᠤᠢ ᠵᠢᠨ ᠵᠠᠩᠭᠢᠯᠠᠭ᠎ᠠ ᠵᠢᠨ ᠱᠤᠭᠤᠮ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠦᠨ᠎ᠡ᠃ ᠶᠡᠷᠦᠩᠬᠡᠶ ᠪᠡᠯᠡ ᠣᠷᠣᠭᠤᠯᠤᠯᠲᠠ᠎ᠨᠢ 1499 ᠲᠦᠮᠡᠨ ᠲᠥᠭᠥᠷᠢᠭ᠎ᠤᠨ ᠮᠤᠵᠢ ᠵᠢᠨ ᠵᠠᠮ᠎ᠤᠨ 302 ᠱᠤᠭᠤᠮ᠎ᠤᠨ ᠵᠢᠨ ᠮᠥ᠍ ᠸᠧ ᠬᠥᠭᠥᠷᠭᠡ ᠵᠢᠨ ᠥᠭᠡᠷᠡᠴᠢᠯᠡᠯᠲᠡ ᠵᠢᠨ ᠲᠥᠷᠥᠯ ᠵᠤᠢ᠌ᠯ᠂ ᠶᠡᠷᠦᠩᠬᠡᠶ ᠪᠡᠯᠡ ᠣᠷᠣᠭᠤᠯᠤᠯᠲᠠ᠎ᠨᠢ 450 ᠲᠦᠮᠡᠨ ᠲᠥᠭᠥᠷᠢᠭ᠎ᠤᠨ ᠭᠧᠨ ᠮᠠᠨ ᠵᠠᠰᠠᠮᠠᠯ ᠵᠠᠮ (ᠵᠢᠨ ᠾᠧ ᠬᠡᠰᠡᠭ)᠎ᠤᠨ ᠰᠡᠯᠪᠢᠨ ᠵᠠᠰᠠᠬᠤ ᠲᠥᠷᠥᠯ ᠵᠤᠢ᠌ᠯ᠂ ᠶᠡᠷᠦᠩᠬᠡᠶ ᠪᠡᠯᠡ ᠣᠷᠣᠭᠤᠯᠤᠯᠲᠠ᠎ᠨᠢ 78 ᠲᠦᠮᠡᠨ ᠲᠥᠭᠥᠷᠢᠭ ᠪᠦᠬᠦᠢ ᠰᠢᠶᠠᠨ᠎ᠤ ᠵᠠᠮ᠎ᠤᠨ 351 ᠱᠤᠭᠤᠮ᠎ᠤᠨ ᠭᠡᠭᠡᠨ ᠭᠣᠤᠯ᠎ᠠᠴᠠ ᠯᠠᠪᠳᠠᠯᠢᠨ ᠵᠠᠰᠠᠮᠠᠯ ᠵᠠᠮ᠎ᠤᠨ ᠭᠡᠭᠡᠨ ᠭᠣᠤᠯ᠎ᠤᠨ ᠬᠡᠰᠡᠭ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠪᠠᠷᠢᠯᠭ᠎ᠠ ᠵᠢᠨ ᠲᠥᠷᠥᠯ ᠵᠤᠢ᠌ᠯ᠎ᠢ ᠬᠡᠷᠡᠭᠵᠢᠭᠦᠯᠦᠨ᠎ᠡ᠃   ᠺᠤᠥ ᠪᠦ᠋ ᠴᠦᠨ᠎ᠠᠴᠠ ᠭᠡᠭᠡᠨ ᠭᠣᠤᠯ᠂ ᠭᠡᠭᠡᠨ ᠭᠣᠤᠯ᠎ᠠᠴᠠ ᠶᠠᠭᠰᠢ ᠬᠦᠷᠬᠦ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠵᠠᠰᠠᠮᠠᠯ ᠵᠠᠮ᠎ᠤᠨ ᠨᠡᠪᠲᠡᠷᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
   (ᠲᠠᠪᠤ) ᠬᠥᠳᠡᠯᠭᠡᠭᠴᠢ ᠬᠦᠴᠦᠨ ᠨᠡᠮᠡᠬᠦ ᠵᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ᠎ᠡ᠃ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ   ᠰᠢᠯᠢᠳᠡᠭᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠨᠡᠶ᠋ᠢᠭᠡᠮ᠎ᠤᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠥᠭᠵᠢᠭᠡᠨ᠎ᠡ᠃
    ᠲᠥᠷᠥᠯ ᠵᠦᠢ᠍ᠯ᠎ᠤᠨ ᠲᠥᠰᠦᠪᠯᠡᠯ᠎ᠤᠨ ᠤᠷᠢᠳᠠᠴᠢ ᠴᠢᠨᠠᠷ᠎ᠢ ᠳᠡᠭᠡᠭᠰᠢᠯᠡᠭᠦᠯᠦᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠠᠵᠠ ᠲᠣᠬᠢᠶᠠᠯ᠎ᠢ ᠵᠠᠪᠳᠤᠨ᠂ ᠤᠯᠤᠰ᠎ᠤᠨ ᠬᠣᠷᠸ᠎ᠠ ᠲᠥᠷᠥ ᠵᠢᠨ ᠪᠣᠳᠣᠯᠭ᠎ᠠ ᠪᠣᠯᠤᠨ ᠬᠠᠮᠢᠶ᠎ᠠ ᠪᠦᠬᠦᠢ ᠪᠡᠯᠡ ᠮᠥᠩᠭᠥ ᠵᠢᠨ ᠬᠠᠨᠳᠤᠰᠢ ᠵᠢ ᠣᠨᠣᠪᠴᠢᠲᠠᠶ ᠡᠵᠡᠮᠰᠢᠨ᠂ ᠲᠥᠷᠥᠯ ᠵᠦᠢ᠍ᠯ᠎ᠢ ᠲᠡᠮᠡᠴᠡᠨ ᠣᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ 《ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠬᠢᠭᠤᠯᠬᠤ ᠵᠢᠯ》᠎ᠤᠨ ᠦᠷ᠎ᠡ ᠪᠦᠲᠦᠭᠡᠯ᠎ᠢ ᠪᠡᠬᠢᠵᠢᠭᠦᠯᠵᠦ᠂ ᠪᠦᠬᠦ ᠬᠣᠲᠠ ᠵᠢᠨ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ ᠲᠥᠰᠦᠪᠯᠡᠭᠰᠡᠨ 129 ᠭᠣᠤᠯᠳᠠᠯᠭ᠎ᠠ᠎ᠲᠠᠢ ᠲᠥᠷᠥᠯ ᠵᠤᠢ᠌ᠯ᠎ᠢ ᠲᠠᠪᠤᠨ ᠶᠡᠬᠡ ᠲᠥᠷᠥᠯ ᠵᠤᠢ᠌ᠯ ᠪᠣᠯᠭ᠋ᠠᠨ ᠬᠤᠪᠢᠶᠠᠵᠤ᠂ 《ᠴᠢᠳᠠᠯ᠎ᠤᠨ ᠵᠶ᠋ᠠᠨ ᠬᠢᠷᠢ᠎ᠪᠠᠷ ᠬᠢᠬᠦ᠂ ᠴᠢᠳᠠᠯ᠎ᠤᠨ ᠬᠢᠷᠢ᠎ᠪᠠᠷ ᠵᠶ᠋ᠠᠨ ᠬᠢᠬᠦ》 ᠵᠠᠷᠴᠢᠮ ᠶᠣᠰᠣᠭ᠋ᠠᠷ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠴᠢᠩᠭ᠎ᠠ ᠠᠳᠬᠤᠵᠤ᠂ ᠲᠥᠷᠥᠯ ᠵᠦᠢ᠍ᠯ᠎ᠤᠨ ᠬᠥᠮᠥᠷᠭᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠥᠰᠦᠪᠯᠡᠬᠦ᠂ ᠨᠥᠭᠡᠴᠡᠯᠡᠬᠦ᠂ ᠲᠡᠮᠡᠴᠡᠨ ᠣᠯᠬᠤ᠂ ᠪᠦᠲᠦᠭᠡᠨ ᠪᠠᠶ᠋ᠢᠭᠤᠯᠤᠯᠲᠠ ᠵᠢ ᠲᠥᠷᠥᠯ ᠵᠤᠢ᠌ᠯ᠎ᠤᠨ ᠠᠵᠢᠯ᠎ᠳᠤ ᠢᠮᠠᠭᠲᠠ   ᠲᠤᠭᠤᠰᠢᠯᠠᠭᠤᠯᠵᠤ᠂ ᠲᠥᠷᠥᠯ ᠵᠤᠢ᠌ᠯ᠎ᠤᠨ ᠪᠦᠲᠦᠭᠡᠨ ᠪᠠᠶ᠋ᠢᠭᠤᠯᠤᠯᠲᠠ ᠵᠢᠨ ᠱᠠᠲᠤᠯᠢᠭ ᠪᠠᠶ᠋ᠢᠷᠢᠰᠢᠯ᠎ᠢ ᠪᠦᠷᠢᠯᠳᠤᠭᠦᠯᠵᠦ᠂ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠥᠳᠡᠯᠭᠡᠭᠴᠢ ᠬᠦᠴᠤᠨ᠎ᠢ ᠪᠣᠶ᠋ᠢᠵᠢᠭᠤᠯᠤᠨ᠎ᠠ᠃
  ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠶᠡᠬᠡ᠎ᠪᠠᠷ ᠰᠢᠯᠢᠳᠡᠭᠵᠢᠭᠦᠯᠦᠨ᠎ᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠵᠤ ᠳᠤᠮᠳᠠ ᠵᠢᠵᠢᠭ ᠠᠵᠤ ᠠᠬᠤᠢ᠌ᠯᠠᠯ᠎ᠢ ᠳᠡᠮᠵᠢᠬᠦ ᠡᠯ᠎ᠡ ᠵᠤᠢ᠌ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠬᠦᠯᠵᠢᠯᠡᠨ ᠰᠢᠯᠢᠳᠡᠭᠵᠢᠭᠦᠯᠬᠦ ᠵᠢ ᠠᠬᠢᠭᠤᠯᠤᠨ᠎ᠠ᠃ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠤᠢ᠌ᠯᠡᠰ᠎ᠤᠨ ᠭᠠᠷᠴᠠᠭ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ 《ᠨᠢᠭᠡ ᠰᠦᠯᠵᠢᠶ᠎ᠡ ᠨᠢᠭᠡ ᠵᠤᠢ᠌ᠯᠡᠰ ᠨᠢᠭᠡ ᠤᠳᠠᠭ᠎ᠠ》 ᠥᠭᠡᠷᠡᠴᠢᠯᠡᠯᠲᠡ ᠵᠢᠨ ᠡᠭᠦᠷᠭᠡ ᠵᠢ   ᠨᠠᠢ᠌ᠳᠠᠪᠤᠷᠢᠵᠢᠭᠤᠯᠤᠨ᠂ ᠨᠢᠭᠡ ᠰᠦᠯᠵᠢᠶ᠎ᠡ᠎ᠪᠠᠷ ᠨᠡᠶ᠋ᠢᠳᠡᠮ ᠬᠦᠢ᠍ᠴᠡᠳᠬᠡᠬᠦ᠂ ᠬᠠᠮᠲᠤᠷᠠᠨ ᠬᠢᠨᠠᠨ ᠵᠥᠪᠰᠢᠶᠡᠷᠡᠬᠦ ᠵᠢ ᠪᠡᠶᠡᠯᠡᠭᠦᠯᠬᠦ ᠵᠢ ᠠᠬᠢᠭᠤᠯᠤᠨ᠎ᠠ᠃ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠴᠠᠭ᠋ᠠᠵᠠ ᠦᠭᠡᠢ ᠪᠣᠯ   ᠵᠦᠪᠰᠢᠶᠡᠷᠡᠬᠦ》 ᠵᠢ ᠴᠢᠩᠭ᠎ᠠ ᠨᠠᠢ᠌ᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠬᠡᠷᠡᠭ ᠡᠷᠬᠢᠯᠡᠬᠦ ᠳᠡᠰ ᠳᠠᠷᠠᠭ᠋ᠠᠯᠠᠯ᠎ᠢ ᠳᠥᠭᠥᠮᠴᠢᠯᠡᠨ᠎ᠡ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ PPP   ᠬᠠᠮᠳᠤᠷᠠᠯᠴᠠᠬᠤ ᠵᠡᠷᠭᠡ ᠵᠠᠭᠪᠤᠷ᠎ᠢ ᠬᠡᠷᠡᠭᠯᠡᠨ ᠠᠷᠠᠳ᠎ᠤᠨ ᠪᠡᠯᠡ ᠮᠥᠩᠭᠥ ᠵᠢ ᠲᠠᠲᠠᠵᠤ᠂ ᠬᠥᠭᠵᠢᠭᠰᠡᠨ ᠭᠠᠵᠠᠷ ᠣᠷᠣᠨ᠎ᠤ ᠠᠮᠢ ᠠᠬᠤᠶ ᠵᠢᠨ ᠠᠵᠤ ᠤᠢ᠌ᠯᠡᠰ᠂ ᠮᠥᠰᠥ ᠴᠠᠰᠤᠨ᠎ᠤ ᠠᠵᠤ ᠤᠢ᠌ᠯᠡᠰ᠂ ᠠᠭ᠋ᠠᠷ᠎ᠤᠨ ᠠᠵᠤ ᠤᠢ᠌ᠯᠡᠰ᠂ ᠲᠣᠮᠣ ᠳ᠋ᠠᠶ᠋ᠢᠲ᠋ᠠ ᠵᠡᠷᠭᠡ ᠬᠦᠷᠢᠶᠡᠨ᠎ᠳᠠᠬᠢ ᠠᠵᠤ ᠤᠢ᠌ᠯᠡᠰ᠎ᠤᠨ ᠰᠢᠯᠵᠢᠯᠲᠡ ᠵᠢ ᠢᠳᠡᠪᠬᠢᠲᠡᠶ᠎ᠪᠠᠷ ᠵᠠᠯᠭ᠋ᠠᠨ ᠠᠪᠴᠤ᠂ ᠬᠥᠭᠵᠢᠯᠲᠡ ᠵᠢᠨ ᠣᠷᠣᠨ ᠵᠠᠶ ᠵᠢ ᠲᠠᠰᠤᠷᠠᠯᠲᠠ ᠥᠬᠡᠶ ᠥᠷᠭᠡᠳᠬᠡᠨ᠎ᠡ᠃ ᠣᠷᠣᠨ ᠪᠦᠰᠡ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠨᠡᠭᠡᠭᠡᠯᠳᠡ ᠵᠢ ᠢᠳᠡᠪᠬᠢᠲᠡᠶ ᠦᠷᠬᠡᠳᠬᠡᠵᠦ᠂ ᠭᠠᠳᠠᠭ᠋ᠠᠳᠤ ᠠᠵᠤ ᠠᠬᠤᠶ ᠭᠠᠳᠠᠭ᠋ᠠᠳᠤ ᠠᠷᠠᠯᠵᠢᠶ᠎ᠠ ᠵᠢ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠤᠨ᠎ᠠ᠃
  ᠣᠷᠣᠨ ᠨᠤᠲᠤᠭ ᠪᠠ ᠠᠵᠤ ᠠᠬᠤᠶ᠋ᠢᠯᠠᠯ᠎ᠤᠨ ᠬᠠᠮᠵᠢᠯᠴᠠᠭ᠎ᠠ ᠵᠢ ᠪᠡᠬᠢᠵᠢᠭᠦᠯᠦᠨ ᠴᠢᠩᠭ᠋ᠠᠳᠬᠠᠨ᠎ᠠ᠃ 《ᠨᠢᠭᠡ ᠬᠡᠰᠡᠭ ᠤᠢ᠂ ᠨᠢᠭᠡ ᠴᠤᠭᠴᠠ᠂ ᠨᠢᠭᠡ   ᠰᠡᠳᠬᠢᠯ ᠵᠶ᠋ᠡᠷ ᠴᠢᠷᠮᠠᠢ᠌ᠬᠤ》 ᠬᠥᠭᠵᠢᠯᠲᠡ ᠵᠢᠨ ᠬᠠᠮᠲᠤ ᠵᠢᠨ ᠲᠠᠨᠢᠯᠲᠠ ᠵᠢ ᠬᠦᠯᠢᠶᠡᠨ ᠠᠪᠴᠤ᠂ ᠣᠷᠣᠨ ᠨᠤᠲᠤᠭ ᠠᠵᠤ ᠠᠬᠤᠶ᠋ᠢᠯᠠᠯ᠎ᠤᠨ ᠰᠣᠯᠢᠯᠴᠠᠭ᠎ᠠ ᠢᠲᠡᠭᠡᠯᠴᠡᠭᠡ᠎ᠪᠠᠨ ᠴᠢᠩᠭ᠋ᠠᠳᠬᠠᠵᠤ᠂ ᠤᠯᠠᠨ ᠲᠡᠰ ᠳᠠᠪᠬᠤᠷᠭ᠎ᠠ ᠵᠢᠨ ᠨᠢᠭᠲᠠ ᠬᠡᠯᠪᠡᠷᠢ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠭᠡᠭᠡᠨ ᠭᠣᠤᠯ᠎ᠤᠨ ᠬᠥᠭᠵᠢᠯᠲᠡ ᠵᠢ ᠭᠠᠷ ᠬᠣᠯᠪᠣᠨ ᠠᠬᠢᠭᠤᠯᠤᠨ᠎ᠠ᠃ ᠣᠷᠣᠨ ᠨᠤᠲᠤᠭ ᠪᠠ ᠠᠵᠤ ᠠᠬᠤᠶ᠋ᠢᠯᠠᠯ᠎ᠤᠨ ᠲᠣᠰ ᠲᠣᠰ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠮᠠᠨᠬᠦ᠋ᠢ ᠬᠣᠩ ᠳ᠋ᠧᠦ ᠵᠢᠵᠢᠭ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ ᠵᠢ ᠳᠠᠮᠵᠢᠵᠤ᠂ ᠠᠵᠤ ᠠᠬᠤᠶ᠋ᠢᠯᠠᠯ᠎ᠤᠨ ᠨᠡᠢ᠌ᠭᠡᠮ᠎ᠤᠨ ᠤᠢ᠌ᠯᠡᠰ ᠡᠷᠬᠢᠯᠡᠬᠦ ᠡᠭᠦᠷᠭᠡ ᠴᠢᠳᠠᠪᠤᠷᠢ ᠵᠢ ᠰᠠᠯᠭ᠋ᠠᠵᠤ᠂ ᠰᠢᠶᠠᠩ ᠪᠠᠯᠭ᠋ᠠᠰᠤᠨ᠎ᠤ ᠬᠣᠭ ᠨᠣᠪᠰᠢ ᠪᠣᠬᠢᠷ ᠤᠰᠤ ᠵᠢ ᠰᠢᠢ᠍ᠳᠪᠤᠷᠢᠯᠡᠬᠦ ᠵᠡᠷᠭᠡ ᠰᠠᠭᠤᠷᠢ ᠪᠡᠯᠡᠳᠬᠡᠮᠵᠢ ᠵᠢᠨ ᠪᠦᠳᠤᠭᠡᠨ ᠪᠠᠶ᠋ᠢᠭᠤᠯᠤᠯᠲᠠ ᠵᠢ ᠬᠠᠮᠲᠤᠪᠠᠷ ᠰᠠᠶ᠋ᠢᠲᠤᠷ ᠠᠳᠬᠤᠬᠤ ᠬᠡᠷᠡᠭᠲᠡᠶ᠃ ᠣᠢ ᠰᠢᠭᠤᠶ ᠵᠢᠨ ᠭᠠᠯ ᠤᠨᠲᠠᠷᠠᠭ᠋ᠠᠬᠤ᠂ ᠠᠮᠢ ᠠᠬᠤᠶ ᠵᠢ ᠬᠠᠮᠠᠭ᠋ᠠᠯᠠᠬᠤ ᠵᠡᠷᠭᠡ ᠬᠠᠮᠲᠤᠷᠠᠨ ᠬᠥᠳᠡᠯᠦᠯᠴᠡᠬᠦ ᠲᠤᠭᠳᠠᠴᠠ ᠵᠢ ᠪᠠᠶ᠋ᠢᠭᠤᠯᠵᠤ᠂ ᠡᠨᠡ ᠬᠦ᠌ ᠨᠣᠭᠣᠭ᠋ᠠᠨ ᠣᠢ ᠰᠢᠭᠤᠶ ᠵᠢᠨ ᠳᠠᠯᠠᠢ ᠵᠢ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠶ᠃
   (ᠵᠢᠷᠭᠤᠭ᠎ᠠ) ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢ ᠪᠠᠷᠢᠮᠲᠠᠯᠠᠵᠤ᠂ ᠨᠡᠶ᠋ᠢᠭᠡᠮ᠎ᠤᠨ ᠤᠢ᠌ᠯᠡᠰ᠎ᠢ ᠪᠦᠬᠦ ᠲᠠᠯ᠎ᠠ᠎ᠪᠠᠷ ᠬᠥᠭᠵᠢᠭᠦᠯᠦᠨ᠎ᠡ᠃ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ ᠪᠣᠯ ᠳᠠᠷᠤᠶ ᠮᠠᠨ᠎ᠤ ᠲᠡᠮᠡᠴᠡᠬᠦ ᠬᠠᠷᠠᠯᠲᠠ ᠮᠥᠨ᠂ ᠪᠢᠳᠡ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠠᠷᠠᠳ ᠤᠯᠠᠨ᠎ᠤ ᠪᠤᠶᠠᠨ ᠵᠢᠷᠭ᠋ᠠᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
  ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠠᠵᠢᠯ ᠣᠯᠭᠣᠵᠤ ᠠᠳᠠᠯ ᠤᠢ᠌ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠤᠨ᠂ ᠠᠳᠠᠯ ᠤᠢ᠌ᠯᠡᠰ ᠴᠣᠭᠴᠠᠯᠠᠬᠤ ᠬᠦᠷᠢᠶᠡᠯᠡᠩ᠂ ᠨᠡᠪᠴᠢᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠳᠡᠭᠡᠲᠦ ᠰᠤᠷᠭ᠋ᠠᠭᠤᠯᠢ ᠲᠡᠭᠦᠰᠦᠭᠰᠡᠳ᠂ ᠴᠡᠷᠢᠭ᠎ᠠᠴᠠ ᠬᠠᠯᠠᠭᠳᠠᠭᠰᠠᠳ ᠵᠡᠷᠭᠡ ᠭᠤᠤᠯᠳᠠᠯᠠᠭ᠎ᠠ᠎ᠲᠠᠢ ᠬᠥᠮᠦᠰ᠎ᠤᠨ ᠠᠳᠠᠯ ᠤᠢ᠌ᠯᠡᠰ ᠴᠣᠭᠴᠠᠯᠠᠨ ᠠᠵᠢᠯ ᠣᠯᠬᠤ ᠵᠢ ᠵᠣᠷᠢᠭᠵᠢᠭᠤᠯᠤᠨ ᠬᠥᠲᠥᠯᠥᠨ ᠵᠢᠯᠣᠭᠣᠳᠤᠨ᠎ᠠ᠃ ᠪᠦᠬᠦ ᠵᠢᠯ᠎ᠳᠤ ᠬᠣᠲᠠ ᠪᠠᠯᠭ᠋ᠠᠰᠤᠨ᠎ᠤ 700 ᠬᠥᠮᠦᠨ᠎ᠠᠴᠠ ᠳᠡᠭᠡᠭᠰᠢ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ ᠵᠢᠨ 4% ᠵᠢᠨ ᠳᠣᠲᠣᠷ᠎ᠠ ᠬᠢᠵᠠᠭ᠋ᠠᠷᠯᠠᠨ᠎ᠠ᠃ ᠴᠡᠷᠢᠭ᠎ᠤᠨ ᠠᠯᠪᠠᠨ᠎ᠠᠴᠠ ᠪᠠᠭᠤᠭᠰᠠᠳ᠎ᠤᠨ ᠣᠯᠭᠣᠮᠵᠢ ᠵᠢ ᠪᠠᠲᠤᠯᠠᠬᠤ ᠪᠠ ᠨᠡᠶ᠋ᠢᠭᠡᠮ᠎ᠤᠨ ᠪᠠᠲᠤᠯᠠᠭ᠎ᠠ ᠵᠢ ᠦᠷᠬᠦᠯᠵᠢᠯᠡᠨ ᠵᠠᠯᠭ᠋ᠠᠬᠤ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠨᠡᠶ᠋ᠢᠭᠡᠮ᠎ᠤᠨ ᠬᠦᠴᠦᠨ᠎ᠤ ᠨᠠᠰᠤᠵᠢᠯ᠎ᠤᠨ ᠪᠠᠶ᠋ᠢᠭᠤᠯᠤᠮᠵᠢ ᠡᠷᠬᠢᠯᠡᠬᠦ ᠵᠢ ᠳᠠᠮᠵᠢᠨ ᠵᠣᠷᠢᠭᠵᠢᠭᠤᠯᠤᠨ᠎ᠠ᠃ ᠣᠷᠣᠰᠢᠭᠤᠯᠭ᠎ᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠦᠯᠦ ᠬᠥᠳᠡᠯᠬᠦ ᠬᠦᠷᠦᠨᠭᠭᠡ ᠵᠢᠨ ᠲᠠᠨᠭ᠌ᠰᠠᠯᠠᠯᠳᠠ ᠵᠢᠨ ᠲᠡᠤᠬᠡ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠲᠤᠬᠢᠲᠠᠢ ᠰᠢᠢ᠍ᠳᠪᠤᠷᠢᠯᠡᠨ᠎ᠡ᠃ ᠨᠡᠶ᠋ᠢᠭᠡᠮ᠎ᠤᠨ ᠠᠪᠤᠷᠠᠨ ᠲᠤᠰᠠᠯᠠᠬᠤ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠠᠷᠠᠳ᠎ᠤᠨ ᠦᠨᠳᠦᠰᠦᠨ ᠠᠮᠢᠳᠤᠷᠠᠯ᠎ᠤᠨ ᠬᠣᠷᠢᠭ᠎ᠠ ᠱᠤᠭᠤᠮ᠎ᠢ ᠡᠷᠡᠰ ᠪᠠᠲᠤ ᠰᠠᠬᠢᠨ᠎ᠠ᠃
  ᠨᠡᠶ᠋ᠢᠭᠡᠮ᠎ᠤᠨ ᠤᠢ᠌ᠯᠡᠰ᠎ᠢ ᠬᠥᠭᠵᠢᠭᠦᠯᠦᠨ᠎ᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠬᠤ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠵᠦ᠂ ᠨᠢᠭᠡ ᠪᠦᠯᠦᠭ ᠰᠤᠷᠭ᠋ᠠᠭᠤᠯᠢ ᠵᠢᠨ ᠪᠠᠶ᠋ᠢᠷᠢ ᠵᠢ ᠰᠡᠯᠪᠢᠨ ᠵᠠᠰᠠᠵᠤ ᠥᠭᠡᠷᠡᠴᠢᠯᠡᠬᠦ ᠵᠢᠴᠢ ᠰᠤᠷᠭ᠋ᠠᠨ ᠬᠥᠮᠦᠵᠢᠯ᠎ᠤᠨ ᠮᠡᠳᠡᠭᠡ ᠵᠠᠩᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠤᠢ᠌ᠯ᠎ᠢ ᠬᠡᠷᠡᠭᠵᠢᠭᠦᠯᠦᠨ᠎ᠡ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠵᠤ᠂ ᠬᠣᠶᠠᠳᠤᠭ᠋ᠠᠷ ᠪᠠᠭ᠎ᠠ ᠰᠤᠷᠭ᠋ᠠᠭᠤᠯᠢ ᠵᠢᠨ ᠲᠠᠮᠢᠷ᠎ᠤᠨ ᠲᠠᠯᠠᠪᠠᠢ᠂ ᠶᠡᠷᠦᠩᠬᠡᠶ᠋ᠢᠯᠡᠭᠰᠡᠨ ᠲᠠᠮᠢᠷ᠎ᠤᠨ ᠲᠠᠯᠠᠪᠠᠢ᠂ ᠪᠡᠶ᠎ᠡ ᠵᠢᠨ ᠲᠠᠮᠢᠷ᠎ᠤᠨ ᠴᠡᠴᠡᠷᠯᠢᠭ᠂ ᠮᠠᠷᠠᠰᠤᠨ ᠤᠷᠤᠯᠳᠤᠭ᠋ᠠᠨ᠎ᠤ ᠲᠦᠷᠤᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠣᠯᠠᠨ ᠲᠦᠮᠡᠨ᠎ᠤ ᠮᠥᠰᠥ ᠴᠠᠰᠤᠨ᠎ᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠢ ᠲᠦᠭᠡᠮᠡᠯᠵᠢᠭᠦᠯᠵᠦ᠂ ᠬᠦᠢ᠍ᠲᠡᠨ   ᠲᠤᠢ᠌ᠯ᠎ᠤᠨ ᠮᠠᠷᠠᠰᠤᠨ ᠤᠷᠤᠯᠳᠤᠭ᠋ᠠᠨ᠎ᠢ ᠡᠷᠬᠢᠯᠡᠵᠦ᠂ ᠮᠥᠰᠥ ᠴᠠᠰᠤᠨ᠎ᠤ ᠬᠥᠳᠡᠯᠭᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ᠃ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠵᠠᠬ᠎ᠠ ᠳᠡᠯᠭᠡᠭᠦᠷ᠎ᠢ ᠮᠠᠨᠳᠤᠭᠤᠯᠬᠤ》 ᠠᠵᠢᠯᠯᠠᠭ᠎ᠠ ᠵᠢ ᠶᠡᠬᠡᠪᠡᠷ ᠬᠡᠷᠡᠭᠵᠢᠭᠦᠯᠤᠨ᠎ᠡ᠃ ᠣᠯᠠᠨ ᠨᠡᠶ᠋ᠢᠲᠡ ᠵᠢᠨ ᠰᠣᠶᠣᠯ᠎ᠤᠨ ᠤᠢ᠌ᠯᠡᠴᠢᠯᠡᠭᠡᠨ᠎ᠤ ᠬᠢᠷᠢ ᠲᠦᠪᠰᠢᠨ ᠪᠣᠯᠤᠨ ᠴᠢᠳᠠᠪᠤᠷᠢ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠦᠷᠨᠢᠭᠦᠯᠤᠨ᠂ ᠤᠯᠠᠭ᠋ᠠᠨᠮᠥ᠋ᠴᠢᠷ᠎ᠤᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠬᠦᠴᠦᠯᠡᠨ ᠪᠣᠶ ᠪᠣᠯᠭ᠋ᠠᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠢ᠌ᠯᠡᠰ᠎ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠦᠪᠡᠷᠳᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠨ ᠡᠭᠦᠳᠬᠦ ᠬᠡᠷᠡᠭᠲᠡᠶ᠃ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠲᠥᠷᠥᠯ ᠵᠤᠢ᠌ᠯ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠮᠣᠩᠭᠣᠯ ᠬᠢᠲᠠᠳ ᠬᠡᠯᠡ ᠵᠢ ᠵᠡᠷᠭᠡ᠎ᠳᠤᠨᠢ ᠬᠡᠷᠡᠭᠯᠡᠬᠦ ᠬᠠᠮᠢᠶᠠᠷᠤᠯᠲᠠ ᠵᠢ ᠦᠷᠭᠦᠯᠵᠢᠯᠡᠨ ᠵᠢᠷᠤᠮᠵᠢᠭᠤᠯᠤᠨ᠎ᠠ᠃ ᠤᠯᠭᠤᠶᠠ ᠡᠸᠡᠩᠬᠢ ᠦᠨᠳᠦᠰᠦᠲᠡᠨ᠎ᠤ ᠠᠩᠴᠢᠳ᠎ᠢ ᠬᠠᠪᠰᠤᠷᠤᠨ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠵᠤ᠂ ᠴᠥᠭᠡᠨ ᠲᠤᠭ᠋ᠠᠲᠦ ᠦᠨᠳᠦᠰᠦᠲᠡᠨ᠎ᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠪᠠ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠨ᠎ᠡ᠃ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠢᠨᠠᠨ ᠪᠣᠳᠣᠬᠤ᠂ ᠭᠠᠵᠠᠷ ᠬᠥᠳᠡᠯᠦᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠂ ᠬᠣᠶᠠᠷ᠎ᠢ ᠬᠦᠷᠢᠶᠡᠯᠡᠬᠦ᠂ ᠴᠠᠭ ᠠᠭᠤᠷ᠂ ᠨᠠᠰᠤᠲᠠᠶ᠋ᠢᠴᠤᠳ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠂ ᠵᠡᠮᠳᠡᠭᠴᠦᠳ᠂ ᠬᠣᠶ᠋ᠢᠴᠢ ᠦᠶ᠎ᠡ ᠵᠢᠨ᠎ᠬᠢᠨ᠎ᠢ ᠬᠠᠯᠠᠮᠵᠢᠯᠠᠬᠤ ᠵᠡᠷᠭᠡ ᠠᠵᠢᠯ ᠦᠢ᠍ᠯᠡᠰ᠎ᠤᠨ ᠬᠥᠭᠵᠢᠯᠲᠡ ᠵᠢ ᠢᠳᠡᠪᠬᠢᠲᠡᠢ ᠳᠠᠮᠵᠢᠨ᠎ᠠ᠃
   《ᠡᠷᠡᠭᠦᠯ ᠰᠠᠷᠠᠭᠤᠯ ᠭᠡᠭᠡᠨ ᠭᠣᠣᠯ》᠎ᠢ ᠪᠦᠲᠦᠭᠡᠨ ᠪᠠᠶ᠋ᠢᠭᠤᠯᠤᠨ᠎ᠠ᠃ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠠᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠂ ᠬᠤᠯᠤᠭ᠋ᠠᠨ᠎ᠠ ᠬᠢᠵᠢᠭ ᠵᠡᠷᠭᠡ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ᠎ᠢ ᠡᠷᠡᠰ ᠰᠡᠷᠭᠡᠶ᠋ᠢᠯᠡᠨ ᠡᠵᠡᠮᠳᠡᠨ᠎ᠡ᠃ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠵᠢ ᠲᠦᠷᠭᠡᠳᠬᠡᠨ ᠠᠬᠢᠭᠤᠯᠵᠤ᠂ ᠡᠮ᠎ᠤᠨ ᠵᠤᠢ᠌ᠯ᠎ᠤᠨ ᠬᠠᠩᠭ᠋ᠠᠯᠭ᠎ᠠ ᠵᠢᠨ ᠪᠠᠲᠤᠯᠠᠭ᠎ᠠ ᠵᠢᠨ ᠳᠦᠷᠢᠮ᠎ᠢ ᠲᠡᠭᠦᠯᠳᠡᠷᠵᠢᠭᠦᠯᠦᠨ᠂ ᠡᠮᠴᠢᠯᠡᠭᠡ᠂ ᠡᠮᠴᠢᠯᠡᠭᠡᠨ᠎ᠤ ᠳᠠᠭ᠋ᠠᠳᠬᠠᠯ᠂ ᠡᠮ ᠡᠮᠨᠡᠯᠭᠡ ᠵᠢᠨ ᠬᠠᠮᠲᠤᠷᠠᠨ ᠬᠥᠳᠡᠯᠦᠯᠴᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠡᠮᠴᠢᠯᠡᠭᠡᠨ᠎ᠤ ᠪᠠᠶ᠋ᠢᠭᠤᠯᠤᠮᠵᠢ ᠵᠢᠨ ᠰᠥᠭᠡᠷᠭᠦ ᠳᠠᠷᠤᠯᠲᠠ ᠵᠢᠨ ᠡᠪᠡᠳᠴᠢᠲᠡᠨ᠎ᠤ ᠥᠷᠥᠭᠡ᠂ ᠪᠥᠭᠡᠮ ᠬᠦᠴᠢᠯ᠎ᠤᠨ ᠪᠠᠢ᠌ᠴᠠᠭ᠋ᠠᠨ ᠬᠡᠮᠵᠢᠬᠦ ᠲᠤᠷᠰᠢᠯᠲᠠ ᠵᠢᠨ ᠲᠠᠰᠤᠭ᠂ ᠡᠪᠡᠳᠴᠢᠨ ᠡᠮᠭᠡᠭ᠎ᠢ   ᠰᠡᠷᠭᠡᠢ᠌ᠯᠡᠨ ᠡᠵᠡᠮᠳᠡᠬᠦ ᠲᠥᠪ᠂ ᠡᠬᠡ ᠨᠢᠯᠬᠠᠰ᠎ᠤᠨ ᠡᠷᠡᠭᠦᠯ ᠮᠡᠨᠳᠦ ᠵᠢ ᠬᠠᠮᠠᠭ᠋ᠠᠯᠠᠬᠤ ᠪᠠ ᠲᠥᠯᠥᠪᠯᠡᠭᠡᠲᠦ ᠦᠷᠡᠵᠢᠯ᠎ᠤᠨ ᠤᠢ᠌ᠯᠡᠴᠢᠯᠡᠭᠡᠨ᠎ᠤ ᠲᠥᠪ᠎ᠤᠨ ᠲᠤᠬᠠᠢ᠌ᠯᠠᠭᠰᠠᠨ ᠠᠵᠢᠯ᠎ᠳᠤ ᠬᠡᠷᠡᠭᠯᠡᠬᠦ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠤᠢ᠌ᠯ᠎ᠢ ᠠᠬᠢᠭᠤᠯᠤᠨ᠎ᠠ᠃ ᠪᠠᠴᠢᠮ ᠪᠠᠶ᠋ᠢᠳᠠᠯ᠎ᠢ ᠠᠷᠭ᠋ᠠᠴᠠᠬᠤ ᠡᠳ᠋ ᠪᠠᠷᠠᠭ᠎ᠠ ᠵᠢᠨ ᠶᠡᠷᠦᠩᠬᠡᠶ᠋ᠢᠯᠡᠭᠰᠡᠨ ᠨᠥᠭᠡᠴᠡ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠰᠦᠪᠡᠭᠴᠢᠯᠡᠨ ᠠᠬᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠳ᠋ ᠪᠠᠷᠠᠭ᠎ᠠ ᠵᠢᠨ ᠨᠥᠭᠡᠴᠡᠯᠡᠯ᠎ᠢ ᠴᠢᠩᠭ᠋ᠠᠳᠬᠠᠨ᠎ᠠ᠃ ᠪᠠᠭᠤᠷᠠᠶ ᠲᠠᠯ᠎ᠠ᠎ᠪᠠᠨ ᠬᠦᠴᠦᠷᠬᠡᠭᠵᠢᠭᠦᠯᠬᠦ᠂ ᠳᠤᠲᠠᠭᠤᠳᠠᠯ ᠵᠶ᠋ᠠᠨ ᠨᠥᠬᠥᠪᠥᠷᠢᠯᠡᠬᠦ᠎ᠪᠠᠷ ᠳᠠᠮᠵᠢᠭᠤᠯᠤᠨ᠂ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠴᠢᠳᠠᠪᠤᠷᠢ ᠵᠢᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠶ᠃
  ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠨ᠎ᠠ᠃ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠷᠠᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠂ 1000 ᠲᠦᠮᠡᠨ ᠲᠥᠭᠥᠷᠢᠭ᠎ᠤᠨ ᠶᠡᠷᠤᠩᠬᠢ ᠪᠠᠯᠠ ᠣᠷᠣᠭᠤᠯᠤᠭᠰᠠᠨ ᠬᠥᠯᠥᠨ ᠪᠣᠶ᠋ᠢᠷ ᠬᠣᠲᠠ ᠵᠢᠨ ᠵᠠᠰᠠᠮᠠᠯ ᠵᠠᠮ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠬᠤ ᠭᠤᠷᠪᠠᠳᠤᠭ᠋ᠠᠷ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠤᠢ᠌ᠯ᠎ᠢ ᠠᠬᠢᠭᠤᠯᠤᠨ᠎ᠠ᠃ ᠠᠶᠤᠯᠭᠦᠶ ᠤᠢ᠌ᠯᠡᠳᠪᠤᠷᠢᠯᠡᠯ᠎ᠤᠨ 《ᠭᠤᠷᠪᠠᠨ ᠵᠤᠢ᠌ᠯ᠎ᠤᠨ ᠬᠠᠷᠢᠭᠤᠴᠠᠯᠭ᠎ᠠ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠣᠨᠴᠠ ᠶᠡᠬᠡ ᠡ᠊ᠨᠳᠡᠯ ᠭᠠᠷᠬᠤ ᠵᠢ ᠡᠷᠡᠰ ᠬᠣᠷᠢᠭᠯᠠᠨ᠎ᠠ᠃ ᠢᠳᠡᠭᠡᠨ ᠪᠠ ᠡᠮ᠎ᠤᠨ ᠵᠤᠢ᠌ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠷᠠᠳ ᠣᠯᠠᠨ᠎ᠤ ᠢᠳᠡᠭᠡᠨ ᠤᠮᠳᠠᠭ᠋ᠠᠨ ᠡᠮ ᠬᠡᠷᠡᠭᠯᠡᠬᠦ ᠠᠮᠤᠷ ᠲᠦᠪᠰᠢᠨ᠎ᠢ ᠦᠨᠡᠨᠬᠦ ᠪᠠᠲᠤᠯᠠᠨ᠎ᠠ᠃ ᠠᠮᠤᠷ ᠠᠮᠤᠭᠤᠯᠠᠩ ᠭᠡᠭᠡᠨ ᠭᠣᠣᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ   ᠬᠦᠴᠤᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠬᠤ ᠪᠠ ᠨᠡᠶ᠋ᠢᠭᠡᠮ᠎ᠤᠨ ᠵᠠᠰᠠᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠤᠢ᠌ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ 《ᠳᠣᠯᠣᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠠᠵᠢᠯ᠎ᠢ ᠰᠢᠯᠭ᠋ᠠᠨ ᠠᠪᠬᠤ ᠠᠵᠢᠯ᠎ᠢ ᠰᠠᠶ᠋ᠢᠲᠤᠷ ᠬᠢᠨ᠎ᠠ᠃ ᠭᠣᠤᠯᠳᠠᠯᠭ᠎ᠠ᠎ᠲᠠᠢ ᠬᠦᠷᠢᠶᠡᠨ᠎ᠤ ᠵᠠᠬᠢᠳᠠᠯ ᠰᠤᠷᠪᠤᠯᠵᠢᠯᠠᠭ᠎ᠠ ᠵᠢᠨ ᠠᠰᠠᠭᠤᠳᠠᠯ ᠪᠠ ᠵᠥᠷᠢᠴᠡᠯ ᠵᠢᠭᠤᠷᠠᠯᠳᠤᠭ᠋ᠠᠨ᠎ᠢ ᠪᠠᠢ᠌ᠴᠠᠭ᠋ᠠᠨ ᠰᠢᠢ᠍ᠳᠪᠤᠷᠢᠯᠡᠬᠦ ᠠᠵᠢᠯ᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠨ᠎ᠠ᠃
ᠭᠤᠷᠪᠠ᠂ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ    
ᠰᠢᠨ᠎ᠡ ᠪᠠᠶ᠋ᠢᠳᠠᠯ᠂ ᠰᠢᠨ᠎ᠡ ᠡᠭᠦᠷᠭᠡ ᠵᠢᠨ ᠡᠮᠦᠨ᠎ᠡ᠂ ᠪᠢᠳᠡ ᠡᠷᠬᠡᠪᠰᠢ ᠨᠠᠩ ᠥᠨᠳᠥᠷ ᠵᠣᠭᠰᠣᠴᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠶ᠋ᠢᠭᠤᠯᠤᠯᠲᠠ᠎ᠪᠠᠨ ᠦᠨᠡᠨ ᠬᠦ᠌ ᠴᠢᠩᠭ᠋ᠠᠳᠬᠠᠬᠤ ᠬᠡᠷᠡᠭᠲᠡᠶ᠃    
    ᠤᠯᠤᠰ ᠲᠦᠷᠦ ᠵᠢᠨ ᠪᠠᠶ᠋ᠢᠭᠤᠯᠤᠯᠲᠠ ᠵᠢ ᠡᠷᠡᠰ ᠲᠦᠯᠬᠢᠨ ᠠᠬᠢᠭᠤᠯᠤᠨ᠎ᠠ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢ ᠭᠦᠨᠵᠡᠭᠡᠶ ᠰᠠᠶ᠋ᠢᠲᠤᠷ ᠬᠢᠵᠦ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ 《ᠳᠥᠷᠪᠡᠨ ᠤᠬᠠᠮᠰᠠᠷ》᠎ᠢ ᠪᠠᠲᠤ ᠪᠡᠬᠢ ᠪᠤᠢ ᠪᠣᠯᠭ᠋ᠠᠵᠤ᠂ 《ᠳᠥᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠢᠮᠠᠭᠲᠠ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠎ᠠ ᠳᠡᠭᠡᠷ᠎ᠡ᠎ᠪᠠᠨ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠶ᠋ᠢᠬᠤ ᠬᠡᠷᠡᠭᠲᠡᠶ᠃ ᠨᠠᠮ᠎ᠤᠨ ᠦᠨᠳᠦᠰᠦᠨ ᠵᠣᠷᠢᠯᠲᠠ ᠵᠢ ᠤᠬᠠᠮᠰᠠᠷ᠎ᠠᠴᠠ᠎ᠪᠠᠨ ᠤᠢ᠌ᠯᠡᠳᠤᠯᠭᠡᠵᠢᠭᠦᠯᠵᠦ᠂ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠣᠶ᠋ᠢᠷ ᠬᠣᠲᠠ ᠪᠣᠯᠤᠨ ᠬᠣᠲᠠ ᠵᠢᠨ ᠨᠠᠮ᠎ᠤᠨ ᠬᠣᠷᠢᠶᠠᠨ᠎ᠤ ᠡᠯ᠎ᠡ ᠵᠤᠢ᠌ᠯ᠎ᠤᠨ ᠰᠢᠢ᠍ᠳᠪᠤᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠡᠷᠡ ᠶᠣᠰᠣᠭ᠋ᠠᠷ ᠵᠶ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃
  ᠲᠥᠷᠥ ᠪᠠᠷᠢᠬᠤ ᠴᠢᠳᠠᠪᠤᠷᠢ᠎ᠪᠠᠨ ᠦᠨᠡᠨᠬᠦ ᠳᠡᠭᠡᠭᠰᠢᠯᠡᠭᠦᠯᠦᠨ᠎ᠡ᠃ ᠬᠠᠤᠯᠢ᠎ᠪᠠᠷ ᠵᠠᠰᠠᠬᠤ ᠰᠡᠳᠬᠢᠬᠦᠶ ᠵᠢ ᠪᠠᠲᠤ ᠪᠡᠬᠢ ᠪᠤᠢ ᠪᠣᠯᠭ᠋ᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠢᠮᠠᠭᠲᠠ ᠪᠡᠶᠡᠯᠡᠭᠦᠯᠦᠨ᠎ᠡ᠃ ᠬᠠᠤᠯᠢ ᠶᠣᠰᠣᠭ᠋ᠠᠷ ᠰᠢᠢ᠍ᠳᠪᠤᠷᠢᠲᠦ ᠪᠤᠳᠤᠯᠭ᠎ᠠ ᠲᠣᠭᠲᠠᠭ᠋ᠠᠬᠤ ᠲᠣᠭᠲᠠᠴᠠ ᠵᠢ ᠪᠦᠷᠢᠨᠰᠢᠭᠦᠯᠵᠦ᠂ ᠤᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠵᠡᠷᠭᠡ ᠴᠢᠬᠤᠯᠠ ᠶᠡᠬᠡ ᠰᠢᠢ᠍ᠳᠪᠤᠷᠢᠲᠦ ᠪᠤᠳᠤᠯᠭ᠎ᠠ ᠲᠣᠭᠲᠠᠭ᠋ᠠᠬᠤ᠂ ᠬᠠᠤᠯᠢ᠎ᠳᠤ ᠲᠣᠭᠲᠠᠭ᠋ᠠᠭᠰᠠᠨ ᠵᠢᠷᠤᠮ᠎ᠢ ᠬᠦᠢ᠍ᠴᠡᠳᠬᠡᠨ᠎ᠡ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠤᠯᠤᠰ ᠲᠦᠷᠦ ᠵᠢᠨ   ᠵᠦᠪᠯᠡᠯᠭᠡᠨ᠎ᠤ ᠠᠷᠠᠳᠴᠢᠯᠠᠭᠰᠠᠨ ᠬᠢᠨᠠᠯᠲᠠ ᠪᠠ ᠨᠡᠶ᠋ᠢᠭᠡᠮ᠎ᠤᠨ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ ᠵᠢ ᠬᠢᠨᠠᠮᠠᠭ᠋ᠠᠶ ᠰᠢᠢ᠍ᠳᠪᠤᠷᠢᠯᠡᠨ᠎ᠡ᠃ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠲᠣᠭᠲᠠᠴᠠ ᠵᠢ ᠪᠦᠷᠢᠨ ᠪᠣᠯᠭ᠋ᠠᠨ ᠲᠡᠭᠦᠯᠳᠡᠷᠵᠢᠭᠦᠯᠵᠦ᠂ ᠬᠠᠷᠠᠯᠲᠠ ᠵᠢ ᠬᠢᠨᠠᠨ ᠰᠢᠯᠭ᠋ᠠᠬᠤ᠂ ᠪᠠᠢ᠌ᠴᠠᠭ᠋ᠠᠨ ᠱᠠᠭ᠋ᠠᠷᠳᠠᠨ ᠭᠦᠢ᠍ᠴᠡᠳᠬᠡᠬᠦ᠂ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠦᠬᠦ ᠬᠣᠲᠠ ᠵᠢᠨ ᠺᠠᠳ᠋ᠷ᠎ᠤᠨ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ ᠪᠣᠯᠤᠨ ᠪᠦᠲᠦᠭᠡᠯᠴᠢ ᠴᠢᠨᠠᠷ᠎ᠢ ᠦᠨᠡᠨᠬᠦ ᠳᠠᠶ᠋ᠢᠴᠢᠯᠠᠨ᠎ᠠ᠃ ᠵᠠᠰᠠᠭ ᠵᠠᠬᠢᠷᠭ᠋ᠠᠨ᠎ᠤ ᠬᠦᠴᠦᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠵᠠᠰᠠᠭ᠎ᠤᠨ ᠵᠠᠷᠯᠢᠭ᠎ᠤᠨ ᠰᠠᠭ᠋ᠠᠳ ᠦᠭᠡᠢ ᠶᠠᠪᠤᠭᠳᠠᠬᠤ ᠵᠢ ᠦᠨᠡᠨᠬᠦ ᠪᠠᠲᠤᠯᠠᠨ᠎ᠠ᠃
    ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠣᠷᠢᠭ᠎ᠠ ᠱᠤᠭᠤᠮ᠎ᠢ ᠴᠢᠩᠭ᠎ᠠ ᠰᠠᠬᠢᠨ᠎ᠠ᠃ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠪᠠ 《ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ》 ᠵᠢ ᠪᠦᠬᠦ ᠲᠠᠯ᠎ᠠ᠎ᠪᠠᠷ ᠭᠦᠢ᠍ᠴᠡᠳᠬᠡᠵᠦ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠡᠷᠡᠰ ᠭᠤᠢ᠌ᠪᠢᠰᠢ ᠦᠭᠡᠶ ᠠᠬᠢᠭᠤᠯᠵᠤ᠂ ᠲᠥᠪ᠎ᠤᠨ ᠨᠡᠢ᠌ᠮᠡᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠪᠣᠯᠤᠨ ᠠᠷᠢᠭᠤᠨ ᠴᠢᠬᠡᠴᠢ᠎ᠪᠠᠷ ᠵᠠᠰᠠᠭ ᠶᠠᠪᠤᠭᠤᠯᠬᠤ ᠲᠣᠭᠲᠠᠭ᠋ᠠᠯ᠎ᠢ ᠴᠢᠩᠬ᠎ᠠ ᠨᠠᠶ᠋ᠢᠳᠠᠪᠤᠷᠢᠵᠢᠭᠤᠯᠵᠠᠶ᠃ 《ᠳᠥᠷᠪᠡᠨ ᠰᠤᠷᠲᠠᠯ》᠎ᠤᠨ ᠠᠰᠠᠭᠤᠳᠠᠯ᠎ᠢ ᠴᠥᠬᠥᠷᠡᠰᠢ ᠥᠬᠡᠶ ᠴᠡᠭᠴᠡᠯᠡᠨ ᠵᠠᠰᠠᠪᠠ᠃ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠩᠬᠠᠷᠴᠤ᠂ ᠭᠣᠤᠯᠳᠠᠯᠭ᠎ᠠ᠎ᠲᠠᠢ ᠬᠦᠷᠢᠶᠡᠨ᠎ᠳᠠᠬᠢ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠵᠤ᠂ ᠲᠦᠷᠢᠮ ᠵᠶ᠋ᠠᠷ ᠡᠷᠬᠡ ᠵᠢ ᠬᠠᠮᠢᠶᠠᠷᠴᠤ ᠬᠡᠷᠡᠭ ᠶᠠᠪᠤᠳᠠᠯ᠎ᠢ ᠬᠠᠮᠢᠶᠠᠷᠴᠤ ᠬᠥᠮᠦᠨ᠎ᠢ ᠬᠠᠮᠢᠶᠠᠷᠤᠨ᠎ᠠ᠃ ᠰᠠᠬᠢᠯᠭ᠎ᠠ ᠪᠠᠲᠤ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠬᠡᠬᠦ ᠵᠢ ᠲᠡᠮᠵᠢᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠠᠷᠢᠭᠤᠨ ᠴᠢᠬᠡᠴᠢ ᠵᠠᠰᠠᠭ᠎ᠤᠨ ᠤᠷᠳᠤᠨ᠎ᠤ ᠲᠦᠷᠢ ᠲᠥᠷᠬᠦ ᠵᠢ ᠪᠤᠢ ᠪᠣᠯᠭ᠋ᠠᠨ᠎ᠠ᠃
  ᠠᠵᠢᠯ᠎ᠤᠨ ᠰᠤᠷᠲᠠᠯ ᠵᠶ᠋ᠠᠨ ᠬᠤᠪᠢᠷᠠᠭᠤᠯᠬᠤ ᠵᠢ ᠴᠢᠩᠭ᠎ᠠ ᠠᠳᠬᠤᠨ᠎ᠠ᠃ ᠬᠥᠭᠵᠢᠯᠲᠡ ᠵᠢᠨ ᠢᠲᠡᠭᠡᠯ ᠵᠶ᠋ᠠᠨ ᠪᠠᠲᠤᠳᠬᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠠᠷᠢᠨ ᠬᠢᠨᠠᠮᠠᠭ᠋ᠠᠶ ᠪᠠᠶ᠋ᠢᠴᠠᠭ᠋ᠠᠨ ᠰᠤᠳᠤᠯᠤᠯᠲᠠ ᠬᠢᠵᠦ᠂ ᠢᠨᠧᠷᠼᠢ ᠵᠢᠨ ᠰᠡᠳᠬᠢᠬᠦᠶ ᠵᠢ ᠰᠢᠪᠲᠤᠯᠵᠤ᠂ ᠠᠵᠢᠯ ᠵᠶ᠋ᠠᠨ ᠪᠦᠲᠦᠭᠡᠯᠴᠢ᠎ᠪᠠᠷ ᠥᠷᠨᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠵᠢ ᠨᠡᠮᠡᠭᠳᠡᠭᠦᠯᠬᠦ ᠬᠡᠷᠡᠭᠲᠡᠶ᠃ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠺᠠᠳ᠋ᠷ᠎ᠢ ᠨᠡᠩ ᠤᠯᠠᠨ ᠤᠶᠤᠨ ᠴᠢᠳᠠᠯ ᠵᠶ᠋ᠠᠨ ᠭᠠᠷᠭ᠋ᠠᠵᠤ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠬᠢᠪᠡᠰᠦ ᠵᠣᠬᠢᠬᠤ ᠠᠵᠢᠯ ᠵᠶ᠋ᠠᠨ ᠰᠠᠶ᠋ᠢᠲᠤᠷ ᠬᠢᠵᠦ᠂ ᠬᠦᠴᠢᠷ ᠶᠠᠪᠤᠳᠠᠯ᠎ᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠰᠢᠯᠢᠳᠡᠭ ᠰᠤᠷᠲᠠᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠨᠠᠮ ᠵᠠᠰᠠᠭ᠎ᠤᠨ ᠪᠠᠶ᠋ᠢᠭᠤᠯᠭ᠎ᠠ ᠵᠢᠨ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠤᠢ᠌ᠳᠬᠡᠬᠦ ᠵᠢ ᠡᠰᠡᠷᠭᠦᠴᠡᠬᠦ ᠵᠢ ᠠᠬᠢᠭᠤᠯᠵᠤ᠂ ᠠᠷᠪᠢᠯᠠᠨ ᠭᠠᠮᠨᠠᠬᠤ ᠬᠡᠯᠪᠡᠷᠢ ᠵᠢᠨ ᠪᠠᠶ᠋ᠢᠭᠤᠯᠭ᠎ᠠ ᠵᠢ ᠪᠠᠶ᠋ᠢᠭᠤᠯᠤᠨ᠎ᠠ᠃ ᠰᠢᠭᠤᠶ᠋ᠢᠲᠤ ᠣᠷᠣᠨ᠎ᠤ ᠵᠣᠷᠢᠭ ᠰᠠᠨᠠᠭ᠎ᠠ ᠵᠢ ᠶᠡᠬᠡᠪᠡᠷ ᠵᠠᠯᠭ᠋ᠠᠮᠵᠢᠯᠠᠨ᠂ ᠬᠢᠵᠢᠭ᠎ᠢ ᠡᠰᠡᠷᠭᠦᠴᠡᠬᠦ ᠳᠠᠢ᠌ᠨ᠎ᠤ ᠪᠠᠢ᠌ᠳᠠᠯ᠎ᠢ ᠪᠠᠲᠤᠯᠠᠵᠤ᠂ ᠥᠷᠯᠥᠭᠡ ᠦᠳᠡᠰᠢ ᠵᠢ ᠲᠡᠮᠡᠴᠡᠨ᠂ ᠠᠵᠢᠯ ᠤᠢ᠌ᠯᠡᠰ ᠵᠶ᠋ᠠᠨ ᠳᠡᠭᠡᠳᠦᠯᠡᠨ᠂ ᠭᠦᠨ ᠵᠤᠵᠠᠭ᠋ᠠᠨ ᠬᠥᠭᠵᠢᠯᠲᠡ ᠵᠢᠨ ᠠᠭᠤᠷ   ᠠᠮᠢᠰᠬᠤᠯ᠎ᠢ ᠪᠣᠶ ᠪᠣᠯᠭ᠋ᠠᠨ᠎ᠠ᠃
  ᠲᠥᠯᠥᠭᠡᠯᠡᠭᠴᠢᠳ ᠡ᠂ ᠴᠠᠭ ᠦᠶ᠎ᠡ᠎ᠠᠴᠠ ᠬᠦᠨᠳᠦ ᠡᠭᠦᠷᠭᠡ ᠳᠠᠭ᠋ᠠᠭ᠋ᠠᠯᠭ᠋ᠠᠵᠤ᠂ ᠲᠡᠮᠡᠴᠡᠯ ᠵᠶ᠋ᠠᠷ ᠭᠡᠷᠡᠯ ᠰᠠᠴᠤᠷᠠᠩᠭᠤᠢ ᠠᠮᠵᠢᠯᠲᠠ ᠵᠢ ᠴᠣᠭᠴᠠᠯᠠᠨ᠎ᠠ᠃ ᠪᠢᠳᠡ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭᠲᠠᠷᠠᠨ ᠪᠦᠯᠬᠦᠮᠳᠡᠵᠦ᠂ ᠬᠥᠯᠥᠨ ᠪᠤᠢ᠌ᠷ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠬᠣᠲᠠ ᠵᠢᠨ ᠨᠠᠮ᠎ᠤᠨ ᠬᠤᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠣᠲᠠ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠴᠢᠩᠭ᠎ᠠ ᠲᠦᠰᠢᠭᠯᠡᠨ᠂ ᠤᠭ ᠰᠠᠨᠠᠭ᠎ᠠ᠎ᠪᠠᠨ ᠦᠯᠤ ᠮᠡᠷᠳᠡᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠪᠡᠷᠬᠡ ᠵᠢ ᠬᠠᠮᠲᠤᠪᠠᠷ ᠲᠤᠭᠤᠯᠵᠤ᠂ ᠡᠷᠡᠯᠬᠡᠭᠯᠡᠨ ᠤᠷᠤᠭᠰᠢᠯᠠᠵᠤ᠂ ᠭᠡᠭᠡᠨ ᠭᠣᠤᠯ᠎ᠤᠨ ᠡᠯ᠎ᠡ ᠵᠤᠢ᠌ᠯ᠎ᠤᠨ ᠠᠵᠢᠯ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠵᠢᠨ ᠲᠥᠯᠥᠭᠡ ᠴᠢᠷᠮᠠᠶ᠋ᠢᠨ ᠲᠡᠮᠡᠴᠡᠶ᠎ᠡ!  

ᠢᠷᠡᠯᠲᠡ᠄ ᠭᠡᠭᠡᠨ ᠭᠤᠤᠯ ᠬᠤᠲᠡ ᠵᠢᠨ ᠠᠷᠠᠳ᠎ᠤᠨ ᠵᠠᠰᠠᠭ᠎ᠤᠨ ᠤᠷᠳᠤᠨ
Baidu
map