ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠵᠢ ᠠᠬᠢᠭᠤᠯᠤᠨ᠎ᠠ᠃ ᠤᠨᠢᠨ ᠳᠡᠭᠡᠷ᠎ᠡ᠎ᠨᠢ ᠪᠠᠶ᠋ᠢᠷᠢ ᠲᠣᠭᠲᠠᠭ᠋ᠠᠬᠤ ᠵᠢ ᠪᠠᠷᠢᠮᠲᠠᠯᠠᠵᠤ᠂ ᠤᠨᠴᠠᠯᠢᠬᠳᠤ ᠵᠦᠷᠢᠶ᠎ᠠ ᠵᠢ ᠲᠤᠪᠤᠢ᠍ᠢ᠍ᠯᠭ᠋ᠠᠵᠤ᠂ ᠰᠣᠶᠣᠯ ᠵᠤᠭ᠋ᠠᠴᠠᠯ᠎ᠤᠨ ᠠᠵᠤ ᠦᠢ᠍ᠯᠡᠰ᠎ᠤᠨ ᠲᠡᠰ ᠳᠡᠪᠰᠢᠬᠦ᠂ ᠴᠢᠨᠠᠷ ᠰᠠᠶ᠋ᠢᠲᠠᠢ ᠬᠥᠭᠵᠢᠬᠦ ᠵᠢ ᠠᠬᠢᠭᠤᠯᠤᠨ᠎ᠠ᠃ 《ᠭᠡᠭᠡᠨ ᠭᠣᠤᠯ ᠬᠣᠲᠠ ᠵᠢᠨ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠰᠠᠶ᠋ᠢᠲᠤᠷ ᠬᠡᠷᠡᠭᠵᠢᠭᠦᠯᠵᠦ᠂ ᠡᠷᠬᠢᠨ ᠲᠣᠭᠣᠷᠢᠨ᠎ᠤ ᠭᠠᠵᠠᠷ ᠣᠷᠣᠨ᠎ᠯᠤᠭ᠎ᠠ ᠬᠣᠯᠪᠣᠭ᠋ᠠᠯᠠᠨ ᠬᠥᠳᠡᠯᠦᠯᠴᠡᠵᠦ ᠵᠣᠯᠭ᠋ᠠᠭᠤᠯᠬᠤ ᠵᠢ ᠴᠢᠩᠭ᠋ᠠᠳᠬᠠᠨ᠂ ᠭᠡᠭᠡᠨ ᠮᠠᠨᠬᠦᠢ᠍ᠢ ᠵᠢᠨ ᠵᠠᠰᠠᠮᠠᠯ ᠵᠠᠮ᠂ ᠭᠡᠭᠡᠨ ᠴᠠᠭ᠋ᠠᠨ ᠵᠠᠰᠠᠮᠠᠯ ᠵᠠᠮ᠎ᠤᠨ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠭᠠᠷᠭ᠋ᠠᠵᠤ᠂ ᠬᠣᠶᠠᠷ ᠵᠤᠷᠪᠤᠰ ᠵᠢᠭᠤᠯᠴᠢᠯᠠᠯ᠎ᠤᠨ ᠵᠠᠮ ᠱᠤᠭᠤᠮ᠎ᠤᠨ ᠣᠷᠣᠨ ᠪᠠᠶ᠋ᠢᠷᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠦᠵᠡᠮᠵᠢ ᠵᠢᠨ ᠣᠷᠣᠨ᠎ᠤ ᠬᠤᠯᠪᠦᠭ᠋ᠠᠳᠠᠭᠤᠯᠵᠦ᠂ ᠦᠵᠡᠮᠵᠢᠲᠦ ᠬᠣᠲᠠ ᠵᠢᠨ ᠠᠭᠤᠰᠤᠯᠴᠠᠯ᠎ᠢ ᠠᠬᠢᠭᠤᠯᠤᠨ᠎ᠠ᠃ ᠤᠯᠭᠤᠶᠠ ᠵᠢᠨ ᠪᠤᠭᠤ ᠠᠶ᠋ᠢᠮᠠᠭ᠂ ᠬᠡᠭᠡᠨ ᠭᠣᠤᠯ᠎ᠤᠨ ᠡᠬᠢ ᠵᠢᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠂ ᠳ᠋ᠸᠯᠪᠦ᠍ᠷᠤᠨ ᠺᠠ ᠯᠦ᠍᠎ᠪᠠᠨ᠂ ᠬᠦᠢ᠍ᠳᠡᠨ ᠲᠦᠢ᠍ᠯ᠎ᠤᠨ ᠲ᠋ᠣᠰᠬᠣᠨ ᠵᠡᠷᠭᠡ ᠭᠣᠤᠯ ᠦᠵᠡᠮᠵᠢ ᠵᠢᠨ ᠣᠷᠣᠨ᠎ᠤ ᠦᠵᠡᠮᠵᠢ ᠵᠢᠨ ᠴᠢᠭ᠎ᠢ ᠪᠥᠲᠥᠭᠡᠨ ᠪᠠᠢ᠌ᠭᠤᠯᠤᠨ ᠲᠠᠰ ᠳᠡᠪᠰᠢᠭᠦᠯᠬᠦ ᠠᠯᠬᠤᠴᠠ ᠵᠢ ᠲᠦᠷᠭᠡᠳᠬᠡᠨ᠎ᠡ᠃ ᠣᠯᠭᠣᠶᠠ ᠰᠠᠷᠠᠨ ᠠᠭᠤᠯᠠ᠂ ᠡᠸᠡᠩᠬᠢ ᠦᠨᠳᠦᠰᠦᠲᠡᠨ᠎ᠤ ᠴᠠ ᠪᠤᠭᠤ ᠵᠢᠨ ᠰᠣᠶᠣᠯ᠎ᠤᠨ ᠮᠦᠽᠧᠶ ᠵᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠵᠡᠷᠭᠡ ᠵᠢᠭᠤᠯᠴᠢᠯᠠᠯ᠎ᠤᠨ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠥᠳᠥᠭᠡᠨ ᠪᠠᠶ᠋ᠢᠭᠤᠯᠤᠨ᠎ᠠ᠃ ᠤᠯᠭᠤᠶᠠ ᠨᠠᠷᠮᠠᠶ ᠤᠮᠠᠷᠠᠲᠤ ᠲᠤᠶ᠋ᠢᠯ᠎ᠤᠨ ᠴᠠᠭ᠋ᠠᠷᠢᠭ᠎ᠤᠨ ᠰᠣᠶᠣᠯ᠎ᠤᠨ ᠰᠤᠳᠤᠯᠭ᠋ᠠᠨ᠎ᠤ ᠲᠥᠪ᠂ ᠬᠤᠰᠤ ᠮᠣᠳᠣᠨ᠎ᠤ ᠬᠠᠯᠢᠰᠤ ᠵᠢᠨ ᠤᠷ᠎ᠠ ᠮᠡᠷᠭᠡᠵᠢᠯ᠎ᠢ ᠤᠯᠠᠮᠵᠢᠯᠠᠨ ᠵᠠᠯᠭ᠋ᠠᠮᠵᠢᠯᠠᠬᠤ ᠲᠥᠪ᠂ ᠵᠢᠭᠤᠯᠴᠢᠯᠠᠭᠴᠢᠳ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠥᠪ᠂ ᠤᠷᠠᠨ ᠰᠠᠶ᠋ᠢᠬᠠᠨ᠎ᠤ ᠲᠣᠭᠯᠠᠯᠲᠠ ᠵᠢᠨ ᠲᠥᠪ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠵᠢ ᠠᠬᠢᠭᠤᠯᠤᠨ᠎ᠠ᠃ ᠵᠢᠭᠤᠯᠴᠢᠯᠠᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠵᠢᠭᠤᠯᠴᠢᠯᠠᠯ᠎ᠤᠨ ᠠᠵᠢᠯ ᠡᠷᠬᠢᠯᠡᠭᠰᠡᠳ᠎ᠤᠨ ᠪᠣᠯᠪᠠᠰᠤᠷᠠᠭᠤᠯᠤᠯ᠎ᠢ ᠰᠠᠶ᠋ᠢᠲᠤᠷ ᠬᠢᠵᠦ᠂ ᠵᠢᠭᠤᠯᠴᠢᠯᠠᠯ᠎ᠤᠨ ᠭᠥᠯᠢᠶᠡᠨ ᠠᠪᠴᠤ ᠦᠢ᠍ᠯᠡᠴᠢᠯᠡᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠵᠢᠭᠤᠯᠴᠢᠯᠠᠯ᠎ᠤᠨ ᠰᠣᠶᠣᠯ᠎ᠤᠨ ᠪᠦᠲᠦᠭᠡᠭᠳᠡᠬᠦᠨ᠎ᠤ ᠠᠭᠤᠯᠤᠭᠳᠠᠬᠤᠨ᠎ᠢ ᠨᠡᠮᠡᠭᠳᠡᠭᠦᠯᠵᠦ᠂ ᠤᠯᠭᠤᠶᠠ ᠵᠢᠨ ᠲᠠᠶ᠋ᠢᠰᠠᠨ᠎ᠤ ᠵᠦᠴᠦᠭᠡ ᠵᠢᠨ ᠬᠤᠳᠠᠯᠳᠤᠭ᠋ᠠᠨ᠎ᠤ ᠲᠣᠭᠯᠠᠯᠲᠠ ᠵᠢ ᠠᠬᠢᠭᠤᠯᠵᠤ᠂ ᠭᠡᠭᠡᠨ ᠭᠣᠤᠯ᠎ᠤᠨ ᠣᠨᠴᠠᠯᠢᠭ᠎ᠲᠠᠢ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠪᠣᠶ ᠪᠣᠯᠭ᠋ᠠᠨ᠎ᠠ᠃ ᠵᠢᠭᠤᠯᠴᠢᠯᠠᠯ᠎ᠤᠨ ᠤᠬᠠᠭᠤᠯᠭ᠎ᠠ ᠲᠠᠨᠢᠯᠴᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ 《ᠰᠦᠯᠵᠢᠶᠡᠨ᠎ᠤ ᠬᠠᠯᠠᠮᠰᠢᠯ + ᠰᠦᠯᠵᠢᠶᠡᠨ᠎ᠤ ᠬᠠᠯᠠᠮᠰᠢᠯ ᠺᠠᠷᠲᠯᠠᠭᠰᠠᠨ ᠭᠠᠵᠠᠷ》 ᠵᠡᠷᠭᠡ ᠵᠢᠭᠤᠯᠴᠢᠯᠠᠯ᠎ᠤᠨ ᠰᠦᠯᠵᠢᠶᠡᠨ᠎ᠤ ᠡᠵᠡᠩᠨᠡᠨ ᠪᠣᠷᠣᠯᠠᠭᠤᠯᠤᠯᠲᠠ ᠵᠢ ᠥᠷᠨᠢᠭᠦᠯᠵᠦ᠂ 《ᠳᠤᠮᠳᠠᠳᠤ ᠤᠯᠤᠰ᠎ᠤᠨ ᠬᠦᠢ᠍ᠲᠡᠨ ᠲᠤᠶ᠋ᠢᠯ》 《ᠣᠯᠭᠣᠶᠠ》 ᠨᠠᠷᠠᠲᠤ ᠲᠡᠮᠳᠡᠭ᠎ᠤᠨ ᠠᠯᠳᠠᠷᠰᠢᠯ᠎ᠢ ᠳᠡᠭᠡᠭᠰᠢᠯᠡᠭᠦᠯᠦᠨ᠎ᠡ᠃ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠳᠠᠯᠳᠠ ᠬᠦᠴᠦᠨ᠎ᠢ ᠭᠦᠨ ᠠᠭᠤᠳᠠᠯᠵᠤ᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠨᠢᠳᠤᠷᠭ᠋ᠠᠨ ᠪᠦᠲᠦᠭᠡᠭᠳᠡᠬᠦᠨ᠎ᠢ ᠪᠥᠬᠥ ᠬᠦᠴᠦᠨ ᠵᠶ᠋ᠠᠷ ᠵᠶ᠋ᠠᠨ ᠪᠣᠶ ᠪᠣᠯᠭ᠋ᠠᠵᠤ᠂ ᠴᠠᠰᠤᠲᠤ ᠭᠠᠵᠠᠷ᠎ᠤᠨ ᠮᠣᠲ᠋ᠣᠷ᠂ ᠴᠠ ᠪᠤᠭᠤ ᠴᠢᠷᠭ᠎ᠠ ᠴᠢᠷᠬᠦ ᠵᠡᠷᠭᠡ ᠤᠨᠴᠠᠯᠢᠬᠳᠤ ᠵᠢᠭᠤᠯᠴᠢᠯᠠᠯ᠎ᠤᠨ ᠪᠡᠶᠡᠴᠢᠯᠡᠨ ᠣᠶ᠋ᠢᠯᠠᠭ᠋ᠠᠬᠤ ᠲᠥᠷᠥᠯ ᠵᠦᠢ᠍ᠯ᠎ᠢ ᠬᠤᠳᠠᠯᠳᠤᠭ᠋ᠠᠴᠢᠯᠠᠨ ᠨᠡᠭᠡᠭᠡᠨ ᠬᠥᠭᠵᠢᠭᠦᠯᠵᠦ᠂ 《ᠳᠤᠮᠳᠠᠳᠤ ᠤᠯᠤᠰ᠎ᠤᠨ ᠬᠦᠢ᠍ᠲᠡᠨ ᠲᠤᠶ᠋ᠢᠯ᠎ᠤᠨ ᠮᠥᠰᠥ ᠴᠠᠰᠤᠨ᠎ᠤ ᠤᠯᠠᠷᠢᠯ》 ᠵᠡᠷᠭᠡ ᠰᠢᠷᠢᠰ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠎ᠠ ᠵᠢ ᠰᠠᠶ᠋ᠢᠲᠤᠷ ᠡᠷᠭᠢᠯᠡᠵᠦ᠂ 《ᠳᠤᠮᠳᠠᠳᠤ ᠤᠯᠤᠰ᠎ᠤᠨ ᠬᠦᠢ᠍ᠲᠡᠨ ᠲᠤᠶ᠋ᠢᠯ᠎ᠤᠨ ᠲᠣᠰᠬᠣᠨ》᠎ᠤ ᠭᠠᠵᠠᠷ᠎ᠤᠨ ᠲᠦᠯᠦᠭᠡᠨ᠎ᠤ ᠲᠡᠮᠳᠡᠭᠲᠦ ᠨᠠᠷᠠᠲᠤ ᠲᠥᠷᠥᠯ ᠲᠡᠮᠳᠡᠭᠲᠦ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠡᠪᠦᠯ᠎ᠤᠨ ᠤᠯᠠᠷᠢᠯ᠎ᠤᠨ ᠵᠢᠭᠤᠯᠴᠢᠯᠠᠯ᠎ᠢ ᠦᠨᠡᠨ ᠬᠦ᠌ ᠬᠥᠭᠵᠢᠶᠡᠨ᠎ᠲᠠᠢ ᠪᠣᠯᠭ᠋ᠠᠵᠤ᠂ 《ᠬᠦᠢ᠍ᠲᠡᠨ ᠡᠬᠢ ᠪᠠᠶᠠᠯᠢᠭ》᠎ᠢ 《ᠬᠠᠯᠠᠭᠤᠨ ᠠᠵᠤ ᠦᠢ᠍ᠯᠡᠰ》 ᠪᠣᠯᠭ᠋ᠠᠨ ᠬᠤᠪᠢᠷᠠᠭᠤᠯᠤᠨ᠎ᠠ᠃
ᠤᠨᠴᠠᠯᠢᠬᠳᠤ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃ ᠣᠶ ᠵᠢᠨ ᠬᠣᠷᠮᠣᠶ ᠵᠢᠨ ᠡᠬᠢ ᠪᠠᠶᠠᠯᠢᠭ᠎ᠤᠨ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠣᠨᠴᠠᠯᠢᠠᠠᠳᠣ ᠳᠠᠷᠢᠵᠤ ᠲᠡᠵᠢᠭᠡᠬᠦ ᠦᠢ᠍ᠯᠡᠰ᠎ᠤᠨ ᠨᠠᠷᠠᠲᠤ ᠲᠡᠮᠳᠡᠭᠵᠢᠬᠦ᠂ ᠡᠷᠴᠢᠮᠵᠢᠬᠦ᠂ ᠬᠡᠪᠴᠢᠶᠡᠵᠢᠬᠦ᠂ ᠪᠠᠷᠢᠮᠵᠢᠶᠠᠵᠢᠬᠤ ᠳᠠᠰᠢ ᠬᠥᠭᠵᠢᠬᠦ ᠵᠢ ᠲᠦᠷᠭᠡᠳᠬᠡᠨ ᠠᠬᠢᠭᠤᠯᠤᠨ᠎ᠠ᠃ ᠴᠠᠨ᠎ᠠ ᠴᠡᠴᠡᠭ᠎ᠪᠠᠷ ᠭᠣᠣᠯ ᠪᠣᠯᠭ᠋ᠠᠭᠰᠠᠨ ᠬᠢᠲᠠᠳ ᠡᠪᠡᠰᠦᠨ ᠡᠮ ᠲᠠᠷᠢᠬᠤ ᠠᠵᠢᠯ᠎ᠢ ᠰᠠᠶ᠋ᠢᠲᠤᠷ ᠠᠳᠬᠤᠵᠤ᠂ ᠥᠨᠳᠥᠷ ᠬᠦᠢ᠍ᠳᠡᠨ ᠰᠢᠭᠤᠶ᠋ᠢᠲᠤ ᠣᠷᠣᠨ᠎ᠤ ᠬᠤᠨᠢᠨ᠎ᠤ ᠴᠦᠨᠳᠦᠭᠦᠷ ᠮᠥᠭᠥ ᠵᠢ ᠲᠠᠷᠢᠬᠤ ᠵᠢ ᠳᠡᠯᠭᠡᠷᠡᠭᠦᠯᠵᠦ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ᠂ ᠲᠠᠷᠢᠮᠠᠯ᠎ᠤᠨ ᠲᠤᠮᠤ ᠡᠷᠦᠭᠡ᠂ ᠬᠤᠷᠰᠢᠶᠠᠵᠢᠯ ᠵᠢᠨ ᠮᠦᠬᠦ᠂ ᠳᠡᠯᠳᠡᠦ ᠵᠡᠷᠭᠡ ᠢᠳᠡᠭᠡᠨ᠎ᠤ ᠮᠥᠭᠥ ᠵᠢ ᠲᠠᠷᠢᠬᠤ ᠵᠢ ᠵᠣᠷᠢᠭᠵᠢᠭᠤᠯᠤᠨ᠎ᠠ᠃ ᠭᠡᠭᠡᠨ ᠭᠣᠣᠯ᠎ᠤᠨ ᠪᠢᠯᠢᠭᠲᠦ ᠳᠡᠯᠳᠡᠦ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠦᠷᠦᠯ ᠵᠦᠢ᠍ᠯ᠎ᠢ ᠬᠡᠷᠡᠭᠵᠢᠭᠦᠯᠵᠦ᠂ ᠪᠢᠯᠢᠭᠲᠦ ᠳᠡᠯᠳᠡᠦ ᠵᠢᠨ ᠪᠦᠲᠦᠭᠡᠭᠳᠡᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠲᠡᠭᠦᠬᠦ᠂ ᠲᠣᠭᠣᠷᠢᠨ ᠦᠵᠡᠬᠦ ᠵᠡᠷᠭᠡ ᠵᠢᠭᠤᠯᠴᠢᠯᠠᠯ᠎ᠤᠨ ᠬᠡᠯᠪᠡᠷᠢ ᠵᠢ ᠭᠦᠢ᠍ᠴᠡᠳ ᠨᠡᠭᠡᠭᠡᠨ ᠬᠥᠭᠵᠢᠭᠦᠯᠵᠦ᠂ 《ᠪᠢᠯᠢᠭᠲᠦ ᠳᠡᠯᠳᠡᠦ ᠵᠢᠨ ᠰᠠᠭᠤᠷᠢᠨ ᠭᠠᠵᠠᠷ + ᠵᠢᠭᠤᠯᠴᠢᠯᠠᠯ + ᠡᠯᠧᠺᠲᠷᠣᠨ ᠬᠤᠳᠠᠯᠳᠤᠭ᠎ᠠ》 《ᠰᠦᠯᠵᠢᠶᠡᠨ ᠳᠡᠭᠡᠷᠡᠬᠢ ᠪᠣᠷᠣᠯᠠᠭᠤᠯᠭ᠎ᠠ + ᠰᠦᠯᠵᠢᠶᠡᠨ ᠭᠠᠳᠠᠨᠠᠬᠢ ᠦᠢ᠍ᠯᠡᠳᠬᠦᠨ᠎ᠢ ᠳᠡᠯᠭᠡᠨ ᠦᠵᠡᠭᠦᠯᠵᠦ ᠪᠡᠶᠡᠴᠢᠯᠡᠨ ᠡᠳ᠋ᠰᠢᠭᠦᠯᠬᠦ᠂ ᠰᠤᠳᠤᠯᠤᠨ ᠰᠤᠷᠤᠯᠴᠠᠬᠤ》 ᠵᠢᠴᠢ ᠪᠠᠷᠠᠭ᠋ᠠᠨ᠎ᠤ ᠭᠦᠢ᠍ᠯᠭᠡᠭᠡᠨ᠎ᠤ ᠳᠣᠭᠢᠷᠠᠭᠤᠯᠤᠨ ᠬᠦᠷᠭᠡᠬᠦ ᠵᠢ ᠨᠢᠭᠡ ᠴᠣᠠᠠᠴᠠᠵᠢᠭᠤᠯᠥᠠᠠᠰᠠᠨ ᠶᠡᠷᠦᠩᠬᠡᠶ᠋ᠢᠯᠡᠭᠰᠡᠨ ᠬᠥᠭᠵᠢᠯᠲᠡ ᠵᠢᠨ ᠪᠠᠶ᠋ᠢᠷᠢᠰᠢᠯ᠎ᠢ ᠪᠣᠶ ᠪᠣᠯᠭ᠋ᠠᠨ᠎ᠠ᠃ ᠪᠡᠯᠢᠤᠺ ᠡᠳ᠋ᠰᠢᠭᠦᠯᠬᠦ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠬᠡᠪᠴᠢᠶ᠎ᠡ᠎ᠪᠠᠨ ᠥᠷᠭᠡᠳᠬᠡᠬᠦ ᠵᠢ ᠳᠡᠮᠵᠢᠵᠦ᠂ ᠠᠵᠤ ᠠᠬᠤᠶ᠋ᠢᠯᠠᠯ᠎ᠢ ᠬᠥᠲᠥᠯᠦᠨ ᠵᠢᠯᠣᠭᠣᠳᠴᠤ ᠪᠠᠶ᠋ᠢᠭ᠋ᠠᠳ 《ᠳᠠᠷᠢᠬᠤ᠂ ᠬᠠᠳᠠᠭ᠋ᠠᠯᠠᠬᠤ᠂ ᠨᠡᠮᠡᠬᠦ᠂ ᠪᠣᠷᠣᠯᠠᠭᠤᠯᠬᠤ》 ᠠᠵᠤ ᠦᠢ᠍ᠯᠡᠰ᠎ᠤᠨ ᠶᠡᠷᠦᠩᠬᠡᠶ᠋ᠢᠯᠡᠭᠰᠡᠨ ᠴᠣᠭᠴᠠ ᠵᠢᠨ ᠪᠥᠲᠥᠭᠡᠨ ᠪᠠᠶ᠋ᠢᠭᠤᠯᠤᠯᠲᠠ ᠥᠷᠨᠢᠭᠦᠯᠦᠨ᠎ᠡ᠃ ᠬᠡᠭᠡᠷ᠎ᠡ ᠵᠢᠨ ᠬᠥᠬᠡ ᠵᠢᠮᠢᠰᠭᠡᠨ᠎ᠡ ᠵᠡᠷᠭᠡ ᠬᠡᠭᠡᠷ᠎ᠡ ᠵᠢᠨ ᠵᠢᠮᠢᠰ᠎ᠢ ᠬᠥᠮᠦᠨ᠎ᠤ ᠬᠦᠴᠦ᠎ᠪᠠᠷ ᠨᠣᠮᠣᠬᠠᠳᠬᠠᠬᠤ ᠡᠷᠴᠢᠮ᠎ᠢ ᠴᠢᠩᠭ᠋ᠠᠷᠠᠭᠤᠯᠵᠤ᠂ ᠬᠡᠭᠡᠷ᠎ᠡ ᠵᠢᠨ ᠰᠢᠭᠦᠰᠦᠯᠢᠭ ᠵᠢᠮᠢᠰ᠂ ᠬᠡᠭᠡᠷ᠎ᠡ ᠵᠢᠨ ᠨᠣᠭᠣᠭ᠎ᠠ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠣᠶ ᠵᠢᠨ ᠬᠣᠷᠮᠣᠶ ᠵᠢᠨ ᠪᠦᠲᠦᠭᠡᠭᠳᠡᠬᠦᠨ᠎ᠤ ᠨᠡᠮᠡᠯᠲᠡ ᠥᠷᠲᠡᠭ᠎ᠢ ᠳᠡᠭᠡᠭᠰᠢᠯᠡᠭᠦᠯᠦᠨ᠎ᠡ᠃ ᠬᠣᠩ ᠶᠤᠸᠠᠨ ᠺᠣᠮᠫᠠᠨᠢ ᠵᠢᠨ ᠷᠠᠰᠢᠶᠠᠨ ᠤᠰᠤᠨ᠎ᠤ ᠲᠥᠷᠥᠯ ᠵᠦᠢ᠍ᠯ᠎ᠤᠨ ᠬᠠᠶ᠋ᠢᠨ ᠰᠢᠨᠵᠢᠯᠡᠵᠦ ᠰᠢᠯᠵᠢᠭᠦᠯᠦᠨ ᠮᠠᠯᠲᠠᠬᠤ᠂ ᠬᠤᠯᠢᠫᠥ᠋ ᠷᠠᠰᠢᠶᠠᠨ ᠤᠰᠤᠨ᠎ᠤ ᠲᠥᠷᠥᠯ ᠵᠦᠢ᠍ᠯ᠎ᠤᠨ ᠬᠠᠶ᠋ᠢᠨ ᠪᠠᠶ᠋ᠢᠴᠠᠭ᠋ᠠᠬᠤ ᠠᠵᠢᠯ᠎ᠢ ᠠᠬᠢᠭᠤᠯᠵᠤ᠂ ᠲᠣᠰ ᠭᠠᠵᠠᠷ ᠣᠷᠣᠨ᠎ᠤ ᠤᠨᠴᠠᠯᠢᠬᠳᠤ ᠤᠰᠤᠨ᠎ᠤ ᠡᠬᠢ ᠪᠠᠶᠠᠯᠢᠭ᠎ᠤᠨ ᠪᠦᠲᠦᠭᠡᠭᠳᠡᠬᠦᠨ᠎ᠢ ᠪᠣᠶ ᠪᠣᠯᠭ᠋ᠠᠵᠤ᠂ ᠭᠡᠭᠡᠨ ᠭᠣᠤᠯ ᠲᠡᠮᠳᠡᠭᠲᠦ ᠤᠰᠤᠨ᠎ᠤ ᠡᠬᠢ ᠪᠠᠶᠠᠯᠢᠭ᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠨ᠎ᠠ᠃ ᠤᠨᠴᠠᠯᠢᠭᠳᠤ ᠲᠡᠵᠢᠭᠡᠨ ᠦᠷᠡᠵᠢᠭᠦᠯᠬᠦ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠴᠠ ᠪᠤᠭᠤ ᠵᠢᠨ ᠳᠦᠷᠰᠦ ᠵᠢᠨ ᠰᠦᠷᠦᠭ᠎ᠢ ᠰᠠᠶ᠋ᠢᠵᠢᠷᠠᠭᠤᠯᠬᠤ ᠪᠠ ᠴᠡᠪᠡᠷᠰᠢᠭᠦᠯᠦᠨ ᠴᠢᠭᠢᠷᠠᠭᠵᠢᠭᠤᠯᠬᠤ ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠵᠤ᠂ ᠴᠠ ᠪᠤᠭᠤ ᠵᠢᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠵᠢ ᠥᠷᠨᠢᠭᠦᠯᠦᠨ᠂ ᠴᠠ ᠪᠤᠭᠤ ᠵᠢᠨ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠨ᠎ᠡ᠃
ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ᠃ ᠬᠦᠢ᠍ᠲᠡᠨ ᠲᠤᠶ᠋ᠢᠯ᠎ᠤᠨ ᠮᠥᠰᠥ ᠴᠠᠰᠤᠨ᠎ᠤ ᠡᠬᠢ ᠪᠠᠶᠠᠯᠢᠭ᠎ᠲᠤ ᠲᠦᠰᠢᠭᠯᠡᠨ᠂ ᠬᠦᠢ᠍ᠲᠡᠨ ᠭᠠᠵᠠᠷ᠎ᠤᠨ ᠮᠥᠰᠥ ᠴᠠᠰᠤᠨ᠎ᠤ ᠠᠵᠤ ᠠᠬᠤᠶ ᠵᠢᠨ ᠳᠠᠯᠳᠠ ᠴᠢᠳᠠᠪᠤᠷᠢ ᠵᠢ ᠠᠭᠤᠳᠠᠯᠵᠤ᠂ ᠮᠥᠰᠥ ᠴᠠᠰᠤᠨ᠎ᠤ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠎ᠡ᠃ 《ᠳᠤᠮᠳᠠᠳᠤ ᠤᠯᠤᠰ᠎ᠤᠨ ᠬᠦᠢ᠍ᠲᠡᠨ ᠲᠤᠶ᠋ᠢᠯ》᠎ᠤᠨ ᠨᠠᠷᠠᠲᠤ ᠲᠥᠷᠥᠯ ᠲᠡᠮᠳᠡᠭᠲᠦ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠵᠤ ᠲᠤᠶ᠋ᠢᠯ᠎ᠤᠨ ᠬᠦᠢ᠍ᠲᠡᠨ ᠣᠷᠴᠢᠨ ᠲᠣᠭᠣᠷᠢᠨ᠎ᠤ ᠪᠦᠲᠦᠭᠡᠭᠳᠡᠬᠦᠨ᠎ᠤ ᠬᠦᠢ᠍ᠲᠡᠨ ᠴᠢᠨᠠᠷ᠎ᠤᠨ ᠰᠣᠷᠢᠯᠲᠠ ᠵᠢ ᠥᠷᠨᠢᠭᠦᠯᠦᠨ᠎ᠡ᠃ ᠨᠡᠶ᠋ᠢᠳᠡᠮ᠎ᠤᠨ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠠᠵᠤ ᠦᠢ᠍ᠯᠡᠰ᠎ᠢ ᠥᠨᠳᠥᠷ ᠬᠢᠷᠢ ᠲᠦᠪᠰᠢᠨ᠎ᠲᠠᠢ ᠬᠥᠭᠵᠢᠭᠦᠯᠵᠦ᠂ ᠭᠡᠭᠡᠨ ᠭᠣᠤᠯ᠎ᠤᠨ ᠨᠡᠶ᠋ᠢᠳᠡᠮ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠪᠠᠶ᠋ᠢᠩᠭᠤᠵᠢᠭᠤᠯᠤᠨ ᠡᠵᠡᠩᠨᠡᠬᠦ᠂ ᠮᠠᠨᠬᠦᠢ᠍ᠢ ᠨᠡᠶ᠋ᠢᠳᠡᠮ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠵᠤ᠂ ᠨᠡᠶ᠋ᠢᠳᠡᠮ᠎ᠤᠨ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠠᠵᠤ ᠦᠢ᠍ᠯᠡᠰ ᠬᠢᠭᠡᠳ ᠵᠢᠭᠤᠯᠴᠢᠯᠠᠯ᠎ᠤᠨ ᠠᠵᠤ ᠦᠢ᠍ᠯᠡᠰ᠂ ᠮᠥᠰᠥ ᠴᠠᠰᠤᠨ᠎ᠤ ᠠᠵᠤ ᠦᠢ᠍ᠯᠡᠰ᠎ᠤᠨ ᠭᠦᠨᠵᠡᠭᠡᠶ ᠠᠭᠤᠰᠤᠯᠴᠠᠬᠤ ᠵᠢ ᠠᠬᠢᠭᠤᠯᠵᠤ᠂ ᠠᠶᠠᠯᠠᠯ ᠨᠡᠪᠲᠡᠷᠡᠬᠦ ᠪᠣᠯᠪᠠᠰᠤᠷᠠᠭᠤᠯᠤᠯ᠂ ᠠᠭ᠋ᠠᠷ᠎ᠤᠨ ᠠᠶᠠᠯᠠᠯ᠎ᠤᠨ ᠵᠢᠭᠤᠯᠴᠢᠯᠠᠯ᠂ ᠬᠦᠢ᠍ᠲᠡᠨ᠎ᠳᠤ ᠲᠡᠰᠪᠦᠷᠢᠲᠡᠶᠢ ᠬᠡᠮᠵᠢᠨ ᠲᠤᠷᠰᠢᠬᠤ ᠵᠡᠷᠭᠡ ᠵᠢ ᠨᠢᠭᠡ ᠴᠤᠭᠴᠠᠵᠢᠭᠤᠯᠤᠭᠰᠠᠨ ᠠᠭ᠋ᠠᠷ᠎ᠤᠨ ᠠᠵᠤ ᠦᠢ᠍ᠯᠡᠰ᠎ᠢ ᠪᠣᠶ ᠪᠣᠯᠭ᠋ᠠᠨ᠎ᠠ᠃ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠡᠪᠴᠢᠶᠡᠵᠢᠯ᠎ᠤᠨ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠬᠦᠢ᠍ᠲᠡᠨ ᠲᠤᠶ᠋ᠢᠯ᠎ᠤᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠢᠴᠢ ᠮᠠᠷᠠᠰᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠰᠠᠶ᠋ᠢᠲᠤᠷ ᠬᠢᠵᠦ᠂ 《ᠳᠤᠮᠳᠠᠳᠤ ᠤᠯᠤᠰ᠎ᠤᠨ ᠬᠦᠢ᠍ᠲᠡᠨ ᠲᠤᠶ᠋ᠢᠯ᠎ᠤᠨ ᠮᠠᠷᠠᠰᠤᠨ ᠤᠷᠤᠯᠳᠤᠭ᠋ᠠᠨ》 ᠵᠡᠷᠭᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠡᠷᠭᠢᠯᠡᠵᠦ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠦᠨ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠣᠲᠠ ᠪᠠ ᠴᠠᠭ᠎ᠤᠨ ᠥᠩᠭᠡ ᠵᠢ ᠳᠠᠭ᠋ᠠᠭᠰᠠᠨ ᠮᠥᠰᠥ ᠴᠠᠰᠤᠨ᠎ᠤ ᠵᠢᠭᠤᠯᠴᠢᠯᠠᠯ᠎ᠤᠨ ᠦᠵᠡᠮᠵᠢᠲᠦ ᠣᠷᠣᠨ᠎ᠢ ᠪᠥᠬᠥ ᠬᠦᠴᠦᠨ᠎ᠪᠠᠷ ᠴᠤᠭᠴᠠᠯᠠᠨ ᠪᠠᠢ᠌ᠭᠤᠯᠤᠨ᠎ᠠ᠃ ᠲᠣᠭ᠋ᠠᠴᠢᠯᠠᠭᠰᠠᠨ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠡᠯᠧᠺᠲᠷᠣᠨ ᠬᠤᠳᠠᠯᠳᠤᠭ᠋ᠠᠨ᠎ᠤ ᠲᠠᠪᠴᠠᠩ᠎ᠳᠤ ᠭᠡᠭᠡᠨ ᠭᠣᠤᠯ᠎ᠤᠨ ᠣᠨᠴᠠ ᠭᠠᠷᠤᠯᠲᠠ ᠵᠢᠨ ᠪᠣᠷᠣᠯᠠᠭᠤᠯᠭ᠎ᠠ ᠵᠢᠨ ᠳᠡᠯᠭᠡᠭᠦᠷ ᠪᠠᠶ᠋ᠢᠭᠤᠯᠬᠤ ᠵᠢ ᠵᠣᠷᠢᠭᠵᠢᠭᠤᠯᠤᠨ ᠳᠡᠮᠵᠢᠵᠦ᠂ ᠪᠡᠯᠢᠤᠺ᠂ ᠪᠢᠯᠢᠭᠳᠦ ᠲᠡᠯᠳᠡᠤ᠂ ᠬᠥᠬᠡ ᠵᠢᠮᠢᠰᠭᠡᠨ᠎ᠡ ᠵᠡᠷᠭᠡ ᠣᠨᠴᠠᠯᠢᠭ᠎ᠲᠠᠢ ᠣᠶ ᠵᠢᠨ ᠬᠣᠷᠮᠣᠶ ᠵᠢᠨ ᠡᠬᠢ ᠪᠠᠶᠠᠯᠢᠭ᠎ᠤᠨ ᠪᠣᠷᠣᠯᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠨ᠎ᠡ᠃ ᠬᠦᠢ᠍ᠳᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠵᠢ ᠶᠡᠬᠡᠪᠡᠷ ᠬᠥᠭᠵᠢᠭᠦᠯᠵᠦ᠂ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠬᠡᠪᠴᠢᠶᠡᠵᠢᠬᠦ᠂ ᠲᠤᠰᠬᠠᠶ᠋ᠢᠵᠢᠬᠤ᠂ ᠣᠳᠣᠬᠢᠴᠢᠯᠠᠬᠤ ᠴᠢᠭᠯᠡᠯ ᠲᠡᠶ᠋ᠢᠰᠢ ᠬᠥᠭᠵᠢᠬᠦ ᠵᠢ ᠲᠦᠯᠬᠢᠨ ᠠᠬᠢᠭᠤᠯᠤᠨ᠎ᠠ᠃ ᠪᠥᠬᠥ ᠤᠯᠤᠰ᠎ᠤᠨ ᠣᠶ ᠰᠢᠭᠤᠶ ᠵᠢᠨ ᠡᠷᠡᠭᠦᠯᠵᠢᠯ ᠰᠤᠪᠢᠯᠠᠯᠲᠠ ᠵᠢᠨ ᠰᠠᠭᠤᠷᠢᠨ ᠭᠠᠵᠠᠷ᠎ᠤᠨ ᠲᠤᠷᠰᠢᠯᠲᠠ ᠵᠢ ᠡᠭᠦᠳᠦᠨ ᠪᠠᠶ᠋ᠢᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭᠰᠢᠯᠡᠭᠦᠯᠵᠦ᠂ ᠺᠠᠩ ᠳ᠋ᠠ ᠯᠢᠩ ᠣᠶ ᠰᠢᠭᠤᠶ ᠵᠢᠨ ᠡᠷᠡᠭᠦᠯᠵᠢᠯ ᠰᠤᠪᠢᠯᠠᠯᠲᠠ ᠵᠢᠨ ᠰᠠᠭᠤᠷᠢᠨ ᠭᠠᠵᠠᠷ᠂ ᠭᠡᠭᠡᠨ ᠭᠣᠤᠯ᠎ᠤᠨ ᠡᠬᠢ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠵᠶ᠋ᠠᠷ ᠲᠦᠰᠢᠭ ᠪᠣᠯᠭ᠋ᠠᠨ᠂ ᠡᠷᠡᠭᠦᠯᠵᠢᠯ ᠰᠤᠪᠢᠯᠠᠯᠲᠠ ᠬᠢᠭᠡᠳ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠤᠰᠤᠯᠳᠤᠨ ᠬᠥᠭᠵᠢᠬᠦ ᠵᠢ ᠲᠦᠷᠭᠡᠳᠬᠡᠨ ᠠᠬᠢᠭᠤᠯᠵᠤ᠂ ᠤᠯᠤᠰ᠎ᠤᠨ ᠲᠠᠰ᠎ᠤᠨ ᠣᠶ ᠰᠢᠭᠤᠶ ᠵᠢᠨ ᠡᠷᠡᠭᠦᠯᠵᠢᠯ ᠰᠤᠪᠢᠯᠠᠯᠲᠠ ᠵᠢᠨ ᠵᠢᠭᠤᠯᠴᠢᠯᠠᠯ᠎ᠤᠨ ᠰᠠᠭᠤᠷᠢᠨ ᠭᠠᠵᠠᠷ᠎ᠢ ᠪᠠᠶ᠋ᠢᠭᠤᠯᠤᠨ᠎ᠠ᠃
ᠤᠯᠠᠮᠵᠢᠯᠠᠯᠲᠤ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠯᠬᠢᠨ ᠠᠬᠢᠭᠤᠯᠤᠨ᠎ᠠ᠃ ᠡᠬᠢ ᠪᠠᠶᠠᠯᠢᠭ᠎ᠢ ᠬᠤᠪᠢᠷᠠᠭᠤᠯᠤᠨ ᠥᠷᠲᠡᠭ᠎ᠢ ᠨᠡᠮᠡᠭᠳᠡᠭᠦᠯᠬᠦ ᠵᠢᠨ ᠲᠣᠭᠣᠷᠢᠨ᠎ᠳᠤ᠂ ᠮᠣᠳᠣᠨ ᠮᠠᠲ᠋ᠧᠷᠢᠶᠠᠯ᠎ᠢ ᠨᠠᠷᠢᠯᠢᠭ ᠭᠦᠨ ᠡᠳ᠋ᠰᠢᠭᠦᠯᠬᠦ ᠠᠵᠤ ᠦᠢ᠍ᠯᠡᠰ ᠪᠠ ᠪᠣᠬᠢᠷᠲᠤᠯ ᠥᠬᠡᠶ ᠠᠭᠤᠷᠬᠠᠶ ᠵᠢᠨ ᠭᠠᠷᠤᠯᠲᠠ ᠵᠢ ᠨᠡᠭᠡᠭᠡᠨ ᠬᠥᠭᠵᠢᠭᠦᠯᠬᠦ ᠦᠢ᠍ᠯᠡᠰ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠲᠦᠷᠭᠡᠳᠬᠡᠨ᠎ᠡ᠃ ᠮᠣᠳᠣᠨ ᠮᠠᠲ᠋ᠧᠷᠢᠶᠠᠯ ᠡᠳ᠋ᠰᠢᠭᠦᠯᠬᠦ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠵᠤ᠂ ᠭ᠋ᠸᠨ ᠯᠢᠨ ᠮᠣᠳᠣᠨ᠎ᠤ ᠦᠢ᠍ᠯᠡᠰ᠎ᠤᠨ ᠺᠣᠮᠫᠠᠨᠢ ᠵᠢᠨ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢ ᠨᠠᠷᠢᠯᠢᠭ ᠤᠨᠤᠪᠴᠢᠳᠠᠢ᠎ᠪᠠᠷ ᠵᠣᠯᠭ᠋ᠠᠭᠤᠯᠬᠤ ᠵᠢ ᠳᠡᠮᠵᠢᠵᠦ᠂ ᠮᠣᠳᠣᠨ ᠪᠠᠶ᠋ᠢᠰᠢᠩ ᠵᠡᠷᠭᠡ ᠪᠦᠲᠦᠭᠡᠭᠳᠡᠬᠦᠨ᠎ᠤ ᠵᠠᠬᠢᠶᠠᠯᠠᠭ᠎ᠠ ᠵᠢᠨ ᠴᠢᠨᠠᠷᠲᠠᠶ ᠦᠢ᠍ᠯᠡᠳᠪᠦᠷᠢᠯᠡᠯ᠎ᠢ ᠥᠷᠭᠡᠳᠬᠡᠨ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠂ ᠡᠵᠡᠯᠡᠬᠦ ᠨᠣᠷᠮ᠎ᠠ ᠵᠢ ᠳᠡᠭᠡᠭᠰᠢᠯᠡᠭᠦᠯᠦᠨ᠎ᠡ᠃ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠨᠡᠭᠡᠭᠡᠨ ᠬᠥᠭᠵᠢᠭᠦᠯᠬᠦ᠎ᠲᠠᠢ ᠤᠶᠠᠯᠳᠤᠭᠤᠯᠤᠨ᠂ ᠲᠤᠰᠬᠠᠶ ᠮᠡᠷᠭᠡᠵᠢᠯ᠎ᠤᠨ ᠢᠵᠢ ᠪᠥᠷᠢᠳᠦᠭᠦᠯᠬᠦ ᠦᠢ᠍ᠯᠡᠳᠬᠦᠨ᠎ᠢ ᠪᠥᠲᠥᠭᠡᠨ ᠪᠠᠶ᠋ᠢᠭᠤᠯᠵᠤ᠂ ᠣᠶ ᠰᠢᠭᠤᠶ ᠵᠢᠨ ᠭᠠᠷᠤᠯᠲᠠ ᠵᠢᠨ ᠠᠵᠤ ᠦᠶᠯᠡᠳᠪᠦᠷᠢ ᠵᠢᠨ ᠣᠶ ᠰᠢᠭᠤᠶ ᠵᠢᠨ ᠵᠢᠭᠤᠯᠴᠢᠯᠠᠯ᠎ᠤᠨ ᠠᠵᠤ ᠦᠶᠯᠡᠳᠪᠦᠷᠢ ᠳᠠᠰᠢ ᠬᠥᠭᠵᠢᠬᠦ ᠵᠢ ᠠᠬᠢᠭᠤᠯᠤᠨ᠂ ᠡᠬᠢ ᠪᠠᠶᠠᠯᠢᠭ᠎ᠤᠨ ᠶᠡᠷᠦᠩᠬᠡᠶ᠋ᠢᠯᠡᠨ ᠠᠰᠢᠭᠯᠠᠬᠤ ᠨᠣᠷᠮ᠎ᠠ ᠪᠠ ᠦᠢ᠍ᠯᠡᠳᠬᠦᠨ᠎ᠤ ᠨᠡᠮᠡᠯᠲᠡ ᠥᠷᠲᠡᠭ᠎ᠢ ᠳᠡᠭᠡᠭᠰᠢᠯᠡᠭᠦᠯᠦᠨ᠎ᠡ᠃ ᠡᠷᠬᠢᠯᠳᠡᠳᠦ ᠬᠥᠭᠵᠢᠯᠲᠡ ᠵᠢᠨ ᠦᠢ᠍ᠯᠡᠳᠪᠦᠷᠢᠯᠡᠯ᠎ᠤᠨ ᠰᠢᠰᠲ᠋ᠧᠮᠵᠢ ᠵᠢ ᠬᠦᠴᠦᠯᠡᠨ ᠪᠠᠶ᠋ᠢᠭᠤᠯᠵᠤ᠂ ᠠᠭᠤᠷᠬᠠᠶ ᠵᠢᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠤᠯᠠᠮ ᠨᠢᠭᠡ ᠠᠯᠬᠤᠮ ᠪᠠᠳᠠᠷᠠᠭᠤᠯᠤᠨ᠂ ᠱᠠᠨ ᠵᠢᠨ ᠠᠭᠤᠷᠬᠠᠶ ᠵᠢᠨ ᠦᠢ᠍ᠯᠡᠰ᠎ᠤᠨ ᠦᠯᠡᠳᠡᠭᠳᠡᠯ ᠬᠦᠳᠡᠷ᠎ᠤᠨ ᠬᠥᠮᠥᠷᠭᠡ ᠵᠢ ᠵᠠᠰᠠᠬᠤ ᠵᠢᠴᠢ ᠥᠷᠭᠡᠳᠬᠡᠨ ᠪᠠᠶ᠋ᠢᠭᠤᠯᠬᠤ ᠢᠨᠵᠧᠨᠧᠷᠢᠩ᠎ᠢ ᠰᠠᠶ᠋ᠢᠲᠤᠷ ᠬᠢᠵᠦ᠂ ᠪᠢ ᠯᠢ ᠶᠠ ᠠᠭᠤᠷᠬᠠᠶ ᠵᠢᠨ ᠦᠢ᠍ᠯᠡᠰ᠎ᠤᠨ ᠦᠯᠡᠳᠡᠭᠳᠡᠯ ᠬᠦᠳᠡᠷ᠎ᠤᠨ ᠬᠥᠮᠥᠷᠭᠡ ᠵᠢᠨ ᠪᠠᠭᠲᠠᠭ᠋ᠠᠮᠵᠢ ᠵᠢ ᠨᠡᠮᠡᠭᠳᠡᠭᠦᠯᠬᠦ ᠵᠢᠴᠢ ᠳᠠᠭ᠋ᠠᠯᠲᠠ ᠪᠡᠯᠡᠳᠬᠡᠮᠵᠢ ᠵᠢᠨ ᠲᠥᠷᠥᠯ ᠵᠦᠢ᠍ᠯ᠎ᠤᠨ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠬᠤ ᠵᠢ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠠᠵᠤ ᠠᠬᠤᠶ ᠵᠢᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃