ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ (11)
ᠨᠡᠶ᠋ᠢᠲᠡᠯᠡᠭᠰᠡᠨ ᠴᠠᠭ᠄ 2021-09-28

    ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠨ᠎ᠠ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ᠎ᠤᠨ ᠣᠷᠳᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠤᠳᠤᠯᠭ᠎ᠠ ᠵᠢᠨ ᠬᠠᠤᠯᠢ᠎ᠪᠠᠷ ᠲᠣᠭᠲᠠᠭ᠋ᠠᠭᠰᠠᠨ ᠵᠢᠷᠤᠮ᠎ᠢ ᠬᠢᠨᠠᠮᠠᠭ᠋ᠠᠶ ᠭᠦᠢ᠍ᠴᠡᠳᠬᠡᠵᠦ᠂ ᠬᠠᠤᠯᠢ ᠶᠣᠰᠣᠭ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠂ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠲᠥᠪ ᠭᠣᠣᠯᠴᠢ᠎ᠪᠠᠷ ᠬᠠᠤᠯᠢ ᠬᠡᠷᠡᠭᠵᠢᠭᠦᠯᠬᠦ ᠪᠦᠲᠦᠮᠵᠢᠲᠡᠶ ᠲᠣᠭᠲᠠᠴᠠ ᠵᠢ ᠪᠦᠷᠢᠨᠰᠢᠬᠦᠯᠵᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠂ ᠨᠠᠷᠢᠯᠢᠭ ᠤᠨᠤᠪᠴᠢᠳᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠵᠢ ᠪᠡᠶᠡᠯᠡᠭᠦᠯᠦᠨ᠎ᠡ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠤᠯᠤᠰ ᠲᠦᠷᠦ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ ᠪᠠ ᠨᠡᠶ᠋ᠢᠭᠡᠮ᠎ᠤᠨ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠵᠠᠰᠠᠭ ᠵᠠᠬᠢᠷᠭ᠋ᠠᠨ᠎ᠤ ᠬᠢᠨᠠᠯᠲᠠ ᠪᠠ ᠬᠢᠨᠠᠨ ᠪᠤᠳᠤᠯᠳᠠ ᠵᠢᠨ ᠬᠢᠨᠠᠯᠲᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ᠎ᠤᠨ ᠬᠠᠤᠯᠢ᠎ᠪᠠᠷ ᠵᠠᠰᠠᠬᠤ ᠵᠠᠮ ᠵᠶ᠋ᠠᠷ ᠶᠠᠪᠤᠭᠳᠠᠬᠤ ᠵᠢ ᠪᠠᠳᠤᠯᠠᠨ᠎ᠠ᠃
    ᠪᠣᠳᠠᠲᠠᠶ ᠵᠢ ᠡᠷᠬᠢᠮᠯᠡᠨ ᠠᠵᠢᠯᠴᠢ ᠬᠢᠴᠢᠶᠡᠩᠭᠦᠶ᠎ᠪᠠᠷ ᠵᠠᠰᠠᠭ ᠶᠠᠪᠤᠭᠤᠯᠤᠨ᠎ᠠ᠃ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠴᠠᠭ ᠢᠮᠠᠭᠲᠠ ᠪᠠᠲᠤ ᠴᠡᠭᠡᠵᠢᠯᠡᠵᠦ᠂ ᠠᠵᠢᠯ ᠬᠢᠵᠦ ᠦᠢ᠍ᠯᠡᠰ ᠪᠤᠰᠬᠠᠬᠤ ᠴᠤᠭ ᠰᠦᠯᠳᠡ᠎ᠪᠠᠨ ᠪᠠᠳᠠᠷᠠᠭᠤᠯᠵᠤ᠂ ᠠᠵᠢᠯ᠎ᠤᠨ ᠰᠤᠷᠲᠠᠯ ᠵᠶ᠋ᠠᠨ ᠦᠷᠭᠦᠯᠵᠢᠯᠡᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠢᠷᠭ᠋ᠠᠭᠤ ᠬᠠᠲᠠᠭᠤᠵᠢᠯᠲᠠᠢ ᠠᠵᠢᠯᠯᠠᠬᠤ ᠠᠵᠢᠯ᠎ᠤᠨ ᠪᠠᠶ᠋ᠢᠳᠠᠯ ᠵᠶ᠋ᠠᠨ ᠢᠮᠠᠭᠲᠠ ᠪᠠᠲᠤᠯᠠᠵᠤ᠂ ᠵᠣᠷᠢᠭᠲᠠᠢ᠎ᠪᠠᠷ ᠲᠡᠮᠡᠴᠡᠬᠦ ᠪᠠ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠠᠵᠢᠯ᠎ᠤᠨ ᠠᠬᠢᠭᠤᠯᠬᠤ ᠬᠦᠴᠦᠨ᠂ ᠨᠠᠶ᠋ᠢᠳᠠᠪᠤᠷᠢᠵᠢᠭᠤᠯᠬᠤ ᠬᠦᠴᠦᠨ᠂ ᠬᠡᠷᠡᠭᠵᠢᠭᠦᠯᠬᠦ ᠬᠦᠴᠦᠨ᠎ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃
    ᠥᠨᠳᠥᠷ ᠪᠦᠲᠦᠮᠵᠢᠲᠡᠶ᠎ᠪᠠᠷ ᠲᠦᠷᠦ ᠪᠠᠷᠢᠬᠤ ᠵᠢ ᠪᠠᠷᠢᠮᠲᠠᠯᠠᠨ᠎ᠠ᠃ ᠠᠷᠠᠳ᠎ᠤᠨ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠷᠢᠮᠲᠠᠯᠠᠵᠤ᠂ ᠦᠨᠳᠦᠰᠦᠨ ᠱᠠᠲᠤᠨ᠎ᠳᠤ 《ᠪᠡᠶ᠎ᠡ᠎ᠪᠠᠷ ᠵᠶ᠋ᠠᠨ ᠭᠦᠨᠵᠡᠭᠡᠶ᠋ᠢᠷᠡᠵᠦ》᠂ ᠤᠯᠠᠨ ᠲᠦᠮᠡᠨ᠎ᠳᠤ 《ᠰᠡᠳᠬᠢᠯ ᠵᠢᠷᠦᠬᠡ᠎ᠪᠠᠷ》 ᠬᠠᠨᠳᠤᠵᠤ᠂   ᠨᠢᠭᠤᠷ ᠤᠴᠠᠷᠠᠵᠦ ᠦᠢ᠍ᠯᠡᠴᠢᠯᠡᠭᠡᠨ᠎ᠤ ᠠᠵᠢᠯ᠎ᠢ ᠦᠨᠡᠨ ᠪᠣᠳᠠᠲᠠᠢ᠎ᠪᠠᠷ ᠰᠠᠶ᠋ᠢᠲᠤᠷ ᠬᠢᠵᠦ᠂ ᠵᠠᠰᠠᠭ᠎ᠤᠨ ᠣᠷᠳᠣᠨ᠎ᠤ 《ᠦᠷ᠎ᠡ ᠪᠦᠲᠦᠮᠵᠢ ᠵᠢᠨ ᠵᠢᠭ᠋ᠠᠯᠲᠠ ᠲᠣᠭ᠎ᠠ》᠎ᠪᠠᠷ ᠤᠯᠠᠨ ᠲᠦᠮᠡᠨ᠎ᠤ 《ᠵᠣᠯ ᠵᠢᠷᠭ᠋ᠠᠯ᠎ᠤᠨ ᠵᠢᠭ᠋ᠠᠯᠲᠠ ᠲᠣᠭ᠎ᠠ》 ᠵᠢ ᠳᠡᠭᠡᠭᠰᠢᠯᠡᠭᠦᠯᠬᠦ ᠬᠡᠷᠡᠭᠲᠡᠢ᠃ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ 《ᠲᠤᠰᠬᠠᠶ ᠮᠡᠷᠭᠡᠵᠢᠯ ᠵᠶ᠋ᠠᠷ ᠵᠶ᠋ᠠᠨ ᠦᠭᠡ ᠬᠡᠯᠡᠬᠦ᠂ ᠲᠠᠰ ᠳᠠᠷᠠᠭ᠋ᠠᠯᠠᠯ ᠵᠶ᠋ᠠᠷ ᠠᠵᠢᠯ ᠶᠠᠪᠤᠳᠠᠯ ᠭᠦᠶᠴᠡᠳᠬᠡᠬᠦ》 ᠲᠤᠬᠠᠶ᠋ᠢᠯᠠᠭᠰᠠᠨ ᠠᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠡᠯ᠎ᠡ ᠵᠦᠶᠯ᠎ᠤᠨ ᠠᠵᠢᠯ ᠵᠶ᠋ᠠᠨ ᠬᠤᠷᠳᠤᠴᠠ᠎ᠲᠠᠢ ᠬᠢᠵᠦ᠂ ᠴᠢᠨᠠᠷ ᠰᠠᠶ᠋ᠢᠲᠠᠶ ᠬᠢᠵᠦ᠂ ᠰᠢᠨ᠎ᠡ ᠦᠷ᠎ᠡ ᠪᠦᠲᠦᠮᠵᠢ᠎ᠲᠠᠢ ᠪᠣᠯᠭ᠋ᠠᠬᠤ᠎ᠪᠠᠷ ᠴᠢᠷᠮᠠᠶ᠋ᠢᠬᠤ ᠬᠡᠷᠡᠭᠲᠡᠶ᠃
    ᠠᠷᠢᠭᠤᠨ ᠴᠢᠬᠡᠴᠢ᠎ᠪᠠᠷ ᠵᠠᠰᠠᠭ ᠪᠠᠷᠢᠬᠤ ᠵᠢ ᠪᠠᠷᠢᠮᠲᠠᠯᠠᠨ᠎ᠠ᠃ ᠰᠠᠬᠢᠯᠭ᠎ᠠ ᠪᠠᠲᠤ ᠶᠣᠰᠣ ᠲᠦᠷᠢᠮ᠎ᠢ ᠢᠮᠠᠭᠲᠠ ᠲᠡᠷᠢᠭᠦᠨ᠎ᠳᠤ ᠲᠠᠯᠪᠢᠵᠤ᠂ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠵᠦ᠂ 《ᠲᠦᠷᠪᠡᠨ ᠰᠤᠷᠲᠠᠯ》᠎ᠢ ᠴᠥᠬᠥᠷᠡᠰᠢ ᠦᠭᠡᠢ ᠵᠠᠯᠠᠷᠠᠭᠤᠯᠪᠠ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠪᠡᠶᠡᠴᠢ ᠴᠣᠭᠴᠠ ᠵᠢᠨ ᠬᠠᠷᠢᠭᠤᠴᠠᠯᠭ᠎ᠠ ᠪᠠ 《ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ》 ᠵᠢ ᠬᠢᠨᠠᠮᠠᠭ᠋ᠠᠶ ᠭᠦᠢ᠍ᠴᠡᠳᠬᠡᠵᠦ᠂ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠠᠶ᠋ᠢᠭᠤᠯᠵᠤ᠂ ᠶᠣᠰᠣ ᠮᠣᠷᠠᠯ᠎ᠤᠨ ᠬᠢᠵᠠᠭ᠋ᠠᠷ ᠱᠤᠭᠤᠮ᠎ᠢ ᠪᠠᠲᠤ ᠰᠠᠬᠢᠵᠤ᠂ ᠬᠠᠤᠯᠢ ᠴᠠᠭ᠋ᠠᠵᠠ ᠵᠢᠨ ᠤᠯᠠᠭ᠋ᠠᠨ ᠱᠤᠭᠤᠮ᠎ᠠᠴᠠ ᠳᠠᠪᠠᠬᠤ ᠦᠭᠡᠢ ᠪᠠᠶ᠋ᠢᠬᠤ ᠬᠡᠷᠡᠭᠲᠡᠶ᠃ ᠠᠷᠪᠢᠯᠠᠨ ᠭᠠᠮᠨᠠᠬᠤ ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ ᠡᠩ᠎ᠤᠨ ᠴᠢᠨᠠᠷᠲᠠᠶ ᠵᠠᠷᠤᠯᠭ᠎ᠠ ᠵᠢ ᠪᠠᠭ᠋ᠠᠰᠬᠠᠨ᠂ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠢ ᠪᠠᠭ᠋ᠠᠰᠬᠠᠬᠤ᠎ᠠᠴᠠ ᠪᠢᠰᠢ ᠨᠡᠮᠡᠭᠳᠡᠭᠦᠯᠬᠦ ᠦᠭᠡᠢ᠃ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠᠵᠢᠯᠲᠠᠳ᠎ᠤᠨ ᠲᠦᠷᠢᠮ᠎ᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠡᠷᠬᠡ᠎ᠪᠠᠨ ᠬᠡᠷᠡᠭᠵᠢᠭᠦᠯᠬᠦ ᠵᠢ ᠠᠬᠢᠭᠤᠯᠵᠤ᠂ ᠲᠦᠪ ᠴᠢᠬᠡᠴᠢ ᠠᠷᠢᠭᠤᠨ ᠴᠢᠬᠡᠴᠢ ᠪᠠᠶ᠋ᠢᠬᠤ ᠵᠢ ᠵᠠᠰᠠᠭ᠎ᠤᠨ ᠣᠷᠳᠣᠨ᠎ᠤ ᠢᠯᠡ ᠲᠣᠳᠣ ᠰᠠᠭᠤᠷᠢ ᠥᠩᠭᠡ ᠪᠣᠯᠭ᠋ᠠᠨ᠎ᠠ᠃
    ᠲᠥᠯᠥᠭᠡᠯᠡᠭᠴᠢᠳ ᠡ᠂ ᠲᠡᠮᠡᠴᠡᠯ ᠵᠶ᠋ᠠᠷ ᠵᠶ᠋ᠠᠨ ᠭᠡᠷᠡᠯ ᠰᠠᠴᠤᠷᠠᠩᠭᠤᠶ ᠠᠮᠵᠢᠯᠲᠠ ᠵᠢ ᠡᠭᠦᠳᠴᠦ᠂ ᠦᠨᠡᠨ ᠪᠣᠳᠠᠲᠠᠶ ᠠᠵᠢᠯᠯᠠᠪᠠᠯ ᠢᠷᠡᠭᠡᠳᠦᠶ᠎ᠪᠠᠨ ᠴᠣᠭᠴᠠᠯᠠᠨ᠎ᠠ᠃ ᠰᠢᠨ᠎ᠡ ᠴᠠᠭ ᠦᠶ᠎ᠡ ᠵᠢᠨ ᠪᠦᠷᠢᠶ᠎ᠠ ᠨᠢᠭᠡᠨᠲᠡ ᠬᠠᠩᠭᠢᠨᠠᠯ᠎ᠠ᠃ ᠪᠢᠳᠡ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠬᠥᠯᠥᠨ ᠪᠤᠢ᠍ᠢ᠍ᠷ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠬᠤᠳᠠ ᠵᠢᠨ ᠨᠠᠮ᠎ᠤᠨ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠵᠠ ᠲᠣᠬᠢᠶᠠᠯ᠎ᠢ ᠠᠮᠵᠢᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠪᠣᠳᠠᠲᠠᠢ᠎ᠢ ᠦᠨᠡᠨᠬᠦ ᠠᠳᠬᠤᠨ ᠠᠵᠢᠯᠯᠠᠵᠤ᠂ ᠭᠡᠭᠡᠨ ᠭᠣᠣᠯ᠎ᠤᠨ ᠡᠯ᠎ᠡ ᠵᠦᠢ᠍ᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠶ᠎ᠡ!
    ᠨᠡᠷ᠎ᠡ ᠦᠭᠡ ᠵᠢᠨ ᠲᠠᠶ᠋ᠢᠯᠪᠤᠷᠢ
   1. 《ᠵᠢᠷᠭᠤᠭ᠎ᠠ ᠵᠢ ᠲᠣᠭᠲᠠᠪᠤᠷᠢᠵᠢᠭᠤᠯᠬᠤ》᠄ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠮᠥᠩᠭᠥᠨ ᠭᠦᠢ᠍ᠯᠭᠡᠭᠡ ᠵᠢ ᠲᠣᠭᠲᠠᠪᠤᠷᠢᠵᠢᠭᠤᠯᠬᠤ᠂ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ᠂ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠵᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠃
   2. 《ᠵᠢᠷᠭᠤᠭ᠎ᠠ ᠵᠢ ᠪᠠᠲᠤᠯᠠᠬᠤ》᠄ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢ ᠪᠠᠲᠤᠯᠠᠵᠤ᠂ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠪᠠᠲᠤᠯᠠᠵᠤ᠂ ᠠᠮᠤ ᠪᠤᠳᠠᠭ᠋ᠠᠨ᠎ᠤ ᠡᠨᠧᠷᠭᠢ ᠵᠢᠨ ᠠᠮᠤᠷ ᠲᠦᠪᠰᠢᠨ᠎ᠢ ᠪᠠᠲᠤᠯᠠᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠬᠠᠩᠭ᠋ᠠᠯᠭ᠎ᠠ ᠬᠡᠯᠬᠢᠶ᠎ᠡ ᠵᠢᠨ ᠲᠣᠭᠲᠠᠭᠤᠨ ᠪᠠᠶ᠋ᠢᠬᠤ ᠵᠢ ᠪᠠᠲᠤᠯᠠᠵᠤ᠂ ᠦᠨᠳᠦᠰᠦᠨ ᠱᠠᠲᠤᠨ᠎ᠤ ᠠᠵᠢᠯᠯᠠᠭ᠋ᠠᠨ᠎ᠢ ᠪᠠᠲᠤᠯᠠᠨ᠎ᠠ᠃
   3.《ᠭᠤᠷᠪᠠᠨ ᠱᠠᠳᠤ ᠭᠤᠷᠪᠠᠨ ᠲᠦᠷᠦᠯ》᠄ ᠭᠤᠷᠪᠠᠨ ᠱᠠᠳᠤ ᠭᠡᠳᠡᠭ᠎ᠨᠢ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ᠂ ᠬᠣᠰᠢᠭᠤ ᠰᠢᠶᠠᠨ᠎ᠢ ᠵᠢᠭ᠋ᠠᠵᠤ ᠪᠤᠢ; ᠭᠤᠷᠪᠠᠳᠤᠭ᠋ᠠᠷ ᠲᠦᠷᠦᠯ᠎ᠨᠢ ᠰᠢᠨ᠎ᠡ᠎ᠪᠠᠷ ᠪᠠᠶ᠋ᠢᠭᠤᠯᠬᠤ᠂ ᠦᠷᠭᠦᠯᠵᠢᠯᠡᠨ ᠪᠠᠶ᠋ᠢᠭᠤᠯᠬᠤ᠂ ᠨᠥᠭᠡᠴᠡᠯᠡᠬᠦ ᠵᠢ ᠵᠢᠭ᠋ᠠᠵᠤ ᠪᠠᠶ᠋ᠢᠨ᠎ᠠ᠃
   4. 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》᠄ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ᠂ ᠪᠠᠭᠤᠯᠭ᠋ᠠᠬᠤ ᠬᠠᠮᠢᠶᠠᠷᠬᠤ ᠵᠢ ᠤᠶᠠᠯᠳᠤᠭᠤᠯᠤᠨ᠂ ᠦᠢ᠍ᠯᠡᠴᠢᠯᠡᠭᠡ ᠵᠢ ᠰᠢᠯᠢᠳᠡᠭᠵᠢᠭᠦᠯᠦᠨ᠎ᠡ᠃
   5. 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》᠄ ᠬᠢᠨᠠᠨ ᠬᠠᠮᠢᠶᠠᠷᠬᠤ ᠶᠠᠪᠤᠴᠠ᠎ᠳᠤ ᠪᠠᠶ᠋ᠢᠴᠠᠭ᠋ᠠᠭᠳᠠᠬᠤ ᠡᠲᠡᠭᠡᠳ᠎ᠢ ᠲᠣᠬᠢᠶᠠᠯᠳᠤᠯ ᠵᠶ᠋ᠠᠷ ᠰᠣᠩᠭᠣᠨ ᠭᠠᠷᠭ᠋ᠠᠵᠤ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠬᠤ ᠠᠵᠢᠯᠲᠠᠨ᠎ᠢ ᠲᠣᠬᠢᠶᠠᠯᠳᠤᠯ ᠵᠶ᠋ᠠᠷ ᠰᠣᠩᠭᠣᠨ ᠲᠣᠮᠢᠯᠠᠵᠤ᠂ ᠰᠣᠩᠭᠣᠨ ᠪᠠᠶ᠋ᠢᠴᠠᠭ᠋ᠠᠭᠰᠠᠨ ᠪᠠᠶ᠋ᠢᠳᠠᠯ ᠵᠢᠴᠢ ᠪᠠᠶ᠋ᠢᠴᠠᠭ᠋ᠠᠨ ᠰᠢᠢ᠍ᠳᠪᠦᠷᠢᠯᠡᠭᠰᠡᠨ ᠦᠷ᠎ᠡ ᠳ᠋ᠦᠩ᠎ᠢ ᠴᠠᠭ ᠲᠤᠬᠠᠶ᠎ᠳᠤᠨᠢ ᠨᠡᠶ᠋ᠢᠭᠡᠮ᠎ᠳᠤ ᠢᠯᠡ ᠪᠣᠯᠭ᠋ᠠᠨ᠎ᠠ᠃
   6. 《ᠭᠤᠷᠪᠠᠨ ᠲᠣᠭᠣᠷᠢᠭ ᠬᠣᠶᠠᠷ ᠱᠤᠭᠤᠮ》᠄   ᠳ᠋ᠸᠯᠪᠤᠷ ᠪᠠᠯᠭ᠋ᠠᠰᠤ᠂ ᠬᠣᠲᠠ ᠵᠢᠨ ᠲᠣᠭᠣᠷᠢᠭ᠂ ᠮᠠᠨᠬᠦᠢ᠍ᠢ ᠪᠠᠯᠭ᠋ᠠᠰᠤ ᠭᠤᠷᠪᠠᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠪᠠᠶ᠋ᠢᠭᠤᠯᠵᠤ᠂ ᠭᠡᠭᠡᠨ ᠮᠠᠨᠬᠦᠢ᠍ᠢ ᠵᠢᠨ ᠵᠠᠰᠠᠮᠠᠯ ᠵᠠᠮ᠂ ᠭᠡᠭᠡᠨ ᠴᠠᠭ᠋ᠠᠨ ᠵᠠᠰᠠᠮᠠᠯ ᠵᠠᠮ᠎ᠤᠨ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠪᠠᠶ᠋ᠢᠭᠤᠯᠤᠨ᠎ᠠ᠃
   7. 《  ᠮᠦᠩᠬᠡ ᠰᠤᠪᠠᠭ》᠎ᠤᠨ APP᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠰᠢᠯᠵᠢᠮᠡᠯ ᠦᠵᠦᠭᠦᠷ᠎ᠲᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ 《ᠭᠤᠷᠪᠠᠨ ᠱᠠᠲᠤ》 ᠵᠢᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠡᠷᠡᠭᠯᠡᠬᠦ ᠵᠢ ᠳᠡᠮᠵᠢᠵᠦ᠂ ᠥᠷᠭᠡᠨ ᠣᠯᠠᠨ ᠲᠦᠮᠡᠨ᠎ᠳᠤ ᠲᠥᠬᠥᠮ ᠳᠥᠲᠡ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠶ᠋ᠢᠴᠠᠭ᠋ᠠᠨ ᠯᠠᠪᠯᠠᠬᠤ᠂ ᠭᠦᠢ᠍ᠴᠡᠳᠬᠡᠬᠦ ᠵᠡᠷᠭᠡ ᠴᠢᠳᠠᠮᠵᠢ ᠵᠢ ᠬᠠᠩᠭ᠋ᠠᠵᠤ᠂ ᠨᠠᠩ ᠣᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠠᠯᠠᠭ᠋ᠠᠨ ᠲᠡᠭᠡᠷ᠎ᠠ ᠭᠦᠢ᠍ᠴᠡᠳᠭᠡᠬᠦ》 《ᠬᠤᠷᠤᠭᠤᠨ ᠦᠵᠦᠭᠦᠷ᠎ᠪᠠᠷ ᠬᠦᠢ᠍ᠴᠡᠳᠭᠡᠬᠦ》᠎ᠢ ᠪᠡᠶᠡᠯᠡᠭᠦᠯᠦᠨ᠎ᠡ᠃
   

ᠢᠷᠡᠯᠲᠡ᠄ ᠭᠡᠭᠡᠨ ᠭᠤᠤᠯ ᠬᠤᠳᠠ ᠵᠢᠨ ᠵᠠᠰᠠᠭ᠎ᠤᠨ ᠤᠷᠳᠤᠨ
Baidu
map