ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ (5)
ᠨᠡᠶ᠋ᠢᠲᠡᠯᠡᠭᠰᠡᠨ ᠴᠠᠭ᠄ 2021-09-28

    ᠲᠥᠯᠥᠭᠡᠯᠡᠭᠴᠢᠳ ᠡ᠂ ᠲᠠᠪᠤᠨ ᠵᠢᠯ᠎ᠤᠨ ᠰᠢᠷᠭ᠋ᠠᠭᠤ ᠬᠠᠲᠠᠭᠤᠵᠢᠯᠲᠠᠶ ᠴᠢᠷᠮᠠᠶ᠋ᠢᠯᠭ᠎ᠠ᠎ᠪᠠᠷ ᠳᠠᠮᠵᠢᠭ᠋ᠠᠳ᠂ ᠪᠢᠳᠡ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠷ ᠵᠶ᠋ᠠᠨ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠬᠦ ᠬᠦᠴᠦᠨ ᠵᠶ᠋ᠠᠷ ᠵᠶ᠋ᠠᠨ ᠠᠷᠢᠯᠭ᠋ᠠᠵᠤ᠂ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ᠎ᠪᠠᠷ ᠵᠶ᠋ᠠᠨ ᠠᠷᠠᠳ ᠲᠦᠮᠡᠨ᠎ᠤ ᠲᠥᠯᠥᠭᠡ ᠬᠢᠭᠰᠡᠨ ᠡᠯ᠎ᠡ ᠵᠦᠢ᠍ᠯ᠎ᠤᠨ ᠠᠮᠠᠯᠠᠯᠲᠠ᠎ᠪᠠᠨ ᠪᠦᠬᠦ ᠬᠦᠴᠦᠨ ᠵᠶ᠋ᠠᠷ ᠵᠶ᠋ᠠᠨ ᠪᠡᠶᠡᠯᠡᠭᠦᠯᠵᠦ᠂ ᠠᠵᠤ ᠠᠬᠤᠶ ᠪᠠᠭᠤᠷᠠᠬᠤ ᠳᠠᠷᠤᠯᠲᠠ ᠵᠢ ᠲᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠰᠢᠢ᠍ᠳᠪᠦᠷᠢᠯᠡᠭᠴᠢ ᠴᠢᠨᠠᠷᠲᠠᠶ ᠢᠯᠠᠯᠲᠠ ᠵᠢ ᠲᠡᠮᠡᠴᠡᠨ ᠤᠯᠪᠠ᠃ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠡᠮᠦᠨ᠎ᠡ᠂ ᠪᠦᠬᠦ ᠬᠣᠲᠠ ᠵᠢᠨ ᠥᠷᠭᠡᠨ ᠣᠯᠠᠨ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠷᠡᠰ ᠰᠢᠭᠤᠷᠬᠠᠶ᠎ᠪᠠᠷ ᠳᠠᠶ᠋ᠢᠨ᠎ᠤ 《ᠬᠢᠵᠢᠭ》᠎ᠢ ᠰᠡᠷᠭᠡᠶ᠋ᠢᠯᠡᠨ ᠬᠢᠵᠠᠭ᠋ᠠᠷᠯᠠᠬᠤ ᠡᠮᠦᠨ᠎ᠡ ᠡᠩᠨᠡᠭᠡᠨ᠎ᠳᠤ ᠣᠷᠣᠵᠤ᠂ ᠠᠶ᠋ᠢᠯ ᠡᠷᠦᠬᠡ᠎ᠳᠤ ᠬᠦᠷᠴᠦ ᠪᠠᠶ᠋ᠢᠴᠠᠭ᠋ᠠᠨ ᠦᠵᠡᠬᠦ ᠶᠠᠪᠤᠴᠠ᠎ᠳᠤ ᠤᠭ ᠰᠠᠨᠠᠭ᠎ᠠ᠎ᠪᠠᠨ ᠪᠠᠲᠤ ᠰᠠᠬᠢᠵᠤ᠂ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠦᠶ᠎ᠡ᠎ᠳᠤ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠵᠦ᠂ ᠵᠠᠮ᠎ᠤᠨ ᠪᠣᠭᠣᠮᠲᠠ ᠳᠡᠭᠡᠷ᠎ᠡ ᠬᠦᠨᠳᠦ ᠡᠭᠦᠷᠭᠡ ᠵᠢ ᠡᠭᠦᠷᠭᠡᠯᠡᠵᠦ᠂ ᠵᠠᠮ᠎ᠤᠨ ᠠᠭᠤᠯᠵᠠᠷ᠎ᠤᠨ ᠵᠢᠵᠢᠭ ᠲᠣᠭᠣᠷᠢᠭ᠎ᠲᠤ ᠠᠮᠤᠷ ᠲᠦᠪᠰᠢᠨ᠎ᠢ ᠰᠠᠬᠢᠨ ᠬᠠᠮᠠᠭ᠋ᠠᠯᠠᠵᠤ᠂ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠤᠨᠢᠨ ᠳᠡᠭᠡᠷ᠎ᠡ᠎ᠨᠢ ᠨᠠᠶ᠋ᠢᠳᠠᠪᠤᠷᠢᠵᠢᠭᠤᠯᠵᠤ᠂ ᠳᠡᠭᠡᠳᠦ ᠳᠤᠤᠷᠠᠳᠤ ᠱᠠᠳᠤ᠎ᠪᠠᠷ ᠵᠶ᠋ᠠᠨ ᠰᠡᠳᠬᠢᠯ ᠵᠶ᠋ᠠᠨ ᠨᠢᠭᠡᠳᠬᠡᠬᠦ᠂ ᠴᠢᠩ ᠦᠨᠡᠨᠴᠢ᠎ᠪᠠᠷ ᠪᠦᠯᠬᠦᠮᠳᠡᠬᠦ᠂ ᠤᠷᠢᠳᠤ ᠡᠮᠦᠨ᠎ᠡ ᠪᠠᠶ᠋ᠢᠭ᠎ᠠ ᠦᠭᠡᠢ ᠰᠦᠷ ᠳᠠᠯᠠᠶ᠋ᠢᠴᠢᠲᠠᠢ ᠬᠦᠴᠦᠨ᠎ᠢ ᠨᠢᠭᠲᠠᠷᠠᠭᠤᠯᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠬᠦᠴᠦᠲᠡᠢ ᠬᠠᠮᠠᠭ᠋ᠠᠯᠠᠪᠠ᠃ ᠡᠲᠡᠭᠡᠷ ᠠᠮᠵᠢᠯᠲᠠ ᠵᠢ ᠣᠯᠤᠭᠰᠠᠨ᠎ᠨᠢ ᠬᠥᠯᠥᠨ ᠪᠣᠶ᠋ᠢᠷ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠬᠣᠲᠠ ᠵᠢᠨ ᠨᠠᠮ᠎ᠤᠨ ᠬᠣᠷᠢᠶ᠎ᠠ ᠵᠢᠨ ᠵᠥᠪ ᠣᠨᠣᠪᠴᠢᠲᠠᠶ ᠤᠳᠤᠷᠢᠳᠴᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠭᠰᠠᠨ᠎ᠤ ᠦᠷ᠎ᠡ ᠳ᠋ᠦᠩ ᠮᠥᠨ᠂ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠤᠯᠤᠰ ᠲᠥᠷᠥ ᠵᠢᠨ ᠵᠥᠪᠯᠡᠯᠭᠡᠨ᠎ᠤ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠶ ᠳᠡᠮᠵᠢᠭᠰᠡᠨ᠎ᠤ ᠦᠷ᠎ᠡ ᠳ᠋ᠦᠩ ᠮᠥᠨ᠂ ᠪᠥᠬᠥ ᠬᠣᠲᠠ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠢᠭᠡ ᠰᠡᠳᠬᠢᠯ ᠨᠢᠭᠡ ᠵᠣᠷᠢᠭ ᠵᠶ᠋ᠠᠷ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠃ ᠡᠨᠳᠡ᠂ ᠪᠢ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠲᠥᠯᠥᠭᠡᠯᠡᠭᠴᠢᠳ᠂ ᠭᠡᠰᠢᠭᠦᠳ ᠪᠣᠯᠤᠨ ᠪᠦᠬᠦ ᠬᠤᠳᠠ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂   ᠭᠡᠭᠡᠨ ᠭᠤᠤᠯ᠎ᠤᠨ ᠪᠦᠳᠦᠭᠡᠨ ᠪᠠᠶ᠋ᠢᠭᠤᠯᠤᠯᠲᠠ ᠪᠣᠯᠤᠨ ᠬᠥᠭᠵᠢᠯᠲᠡ᠎ᠳᠤ ᠣᠷᠣᠯᠴᠠᠬᠤ ᠵᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠥᠳ᠂ ᠨᠠᠶ᠋ᠢᠵᠢ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠬᠦ ᠵᠢᠨ ᠬᠠᠮᠲᠤ ᠡᠷᠬᠢᠮ ᠳᠡᠭᠡᠳᠦ ᠬᠦᠨᠳᠦᠳᠬᠡᠯ ᠵᠶ᠋ᠠᠨ ᠳᠡᠪᠰᠢᠭᠦᠯᠦᠶ᠎ᠡ!
    ᠲᠥᠯᠥᠭᠡᠯᠡᠭᠴᠢᠳ ᠡ᠂  《ᠠᠷᠪᠠᠨ ᠭᠤᠷᠪᠠᠳᠤᠭ᠋ᠠᠷ ᠲᠠᠪᠤᠨ ᠵᠢᠯ 》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠣᠯᠤᠭᠰᠠᠨ ᠠᠮᠵᠢᠯᠲᠠ ᠪᠦᠲᠦᠮᠵᠢ᠎ᠨᠢ ᠬᠥᠮᠦᠰ᠎ᠢ ᠵᠣᠷᠢᠭᠵᠢᠭᠤᠯᠤᠨ᠎ᠠ᠂ ᠭᠡᠪᠡᠴᠦ ᠮᠥᠨ ᠯᠡ ᠡᠳᠦᠶ ᠲᠡᠳᠦᠶ ᠠᠰᠠᠭᠤᠳᠠᠯ᠎ᠢ ᠬᠢᠨᠠᠮᠠᠭ᠋ᠠᠶ ᠪᠣᠳᠣᠯᠬᠢᠯᠠᠨ᠂ ᠬᠢᠨᠠᠮᠠᠭ᠋ᠠᠶ ᠠᠷᠭ᠋ᠠᠴᠠᠬᠤ ᠴᠢᠬᠤᠯᠠᠲᠠᠶ ᠪᠠᠶ᠋ᠢᠨ᠎ᠠ᠃ ᠭᠣᠣᠯᠳᠠᠭᠤ ᠮᠠᠨ᠎ᠤ ᠬᠣᠲᠠ ᠵᠢᠨ ᠠᠵᠤ ᠠᠬᠤᠶ ᠵᠢᠨ ᠶᠡᠷᠦᠩᠬᠡᠶ ᠬᠡᠮᠵᠢᠶ᠎ᠡ ᠪᠠᠭ᠎ᠠ᠂ ᠰᠠᠭᠤᠷᠢ ᠮᠠᠭᠤ᠂ ᠰᠠᠭᠤᠷᠢ ᠨᠢᠮᠭᠡᠨ᠂ ᠶᠡᠷᠦᠩᠬᠡᠶ ᠪᠣᠳᠠᠲᠤ ᠬᠦᠴᠦᠨ ᠴᠢᠩᠭ᠎ᠠ ᠪᠢᠰᠢ ᠬᠣᠲᠠ ᠵᠢᠨ ᠪᠠᠶ᠋ᠢᠳᠠᠯ᠎ᠢ ᠦᠨᠳᠦᠰᠦᠨ᠎ᠠᠴᠠ᠎ᠨᠢ ᠬᠤᠪᠢᠷᠠᠭᠤᠯᠵᠤ ᠴᠢᠳᠠᠭ᠎ᠠ ᠦᠭᠡᠢ; ᠭᠠᠶ᠋ᠢᠯᠢ ᠵᠢᠨ ᠢᠷᠡᠯᠳᠡ ᠬᠦᠷᠦᠯᠴᠡᠬᠦ ᠦᠭᠡᠢ᠂ ᠬᠡᠷᠡᠭᠯᠡᠵᠦ ᠪᠣᠯᠬᠤ ᠡᠳ᠋᠎ᠤᠨ ᠬᠦᠴᠦᠨ ᠬᠢᠵᠠᠭ᠋ᠠᠷ᠎ᠲᠠᠢ ᠪᠠᠶ᠋ᠢᠵᠤ᠂ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ ᠵᠢᠨ ᠵᠥᠷᠢᠴᠡᠯ ᠮᠥᠨ ᠲᠤᠪᠤᠢ᠍ᠢ᠍ᠵᠤ ᠪᠠᠶ᠋ᠢᠨ᠎ᠠ; ᠠᠷᠠᠳ᠎ᠤᠨ ᠠᠮᠢᠳᠤᠷᠠᠯ᠎ᠤᠨ ᠦᠢ᠍ᠯᠡᠰ᠎ᠤᠨ ᠬᠥᠭᠵᠢᠯᠲᠡ᠎ᠳᠤ ᠪᠠᠰᠠ ᠳᠤᠲᠠᠭᠤᠳᠠᠯ ᠣᠷᠣᠰᠢᠵᠤ᠂ ᠨᠡᠶ᠋ᠢᠭᠡᠮ᠎ᠤᠨ ᠪᠠᠲᠤᠯᠠᠭ᠎ᠠ ᠪᠠ ᠦᠨᠳᠦᠰᠦᠨ ᠦᠢ᠍ᠯᠡᠴᠢᠯᠡᠭᠡᠨ᠎ᠤ ᠬᠢᠷᠢ ᠲᠦᠪᠰᠢᠨ᠎ᠨᠢ ᠠᠷᠠᠳ ᠤᠯᠠᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠪᠠᠰᠠ ᠵᠦᠷᠢᠶ᠎ᠠ᠎ᠲᠠᠢ ᠪᠠᠶ᠋ᠢᠨ᠎ᠠ; ᠬᠥᠭᠵᠢᠯᠲᠡ ᠵᠢᠨ ᠣᠷᠴᠢᠨ ᠨᠥᠬᠥᠴᠡᠯ᠎ᠢ ᠰᠠᠶ᠋ᠢᠵᠢᠷᠠᠭᠤᠯᠬᠤ ᠴᠢᠬᠤᠯᠠᠲᠠᠶ ᠪᠠᠶ᠋ᠢᠬᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ᠂ ᠺᠠᠳ᠋ᠷ᠎ᠤᠨ ᠰᠤᠷᠲᠠᠯ᠎ᠤᠨ ᠪᠠᠶ᠋ᠢᠭᠤᠯᠤᠯᠲᠠ ᠵᠢ ᠪᠠᠰᠠ ᠤᠯᠠᠮ ᠨᠢᠭᠡ ᠠᠯᠬᠤᠮ ᠴᠢᠩᠭ᠋ᠠᠳᠬᠠᠬᠤ ᠴᠢᠬᠤᠯᠠᠲᠠᠶ ᠪᠠᠶ᠋ᠢᠬᠤ ᠵᠡᠷᠭᠡ ᠪᠣᠯᠤᠨ᠎ᠠ᠃ ᠡᠭᠦᠨ᠎ᠢ ᠪᠢᠳᠡ ᠯᠠᠪᠲᠠᠶ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭ᠋ᠠᠶ ᠰᠤᠳᠤᠯᠤᠨ᠂ ᠨᠢᠭᠡᠳ ᠨᠢᠭᠡ᠎ᠪᠠᠷ ᠰᠢᠢ᠍ᠳᠪᠦᠷᠢᠯᠡᠵᠦ᠂ ᠪᠥᠬᠥ ᠬᠣᠲᠠ ᠵᠢᠨ ᠠᠷᠠᠳ ᠲᠦᠮᠡᠨ᠎ᠤ ᠬᠦᠨᠳᠦ ᠨᠠᠶ᠋ᠢᠳᠠᠯᠭ᠎ᠠ ᠪᠠ ᠬᠦᠰᠡᠯ ᠡᠷᠡᠮᠡᠯᠵᠡᠯ᠎ᠢ ᠶᠠᠭ᠋ᠠᠬᠢᠭᠰᠠᠨ ᠴᠤ᠌ ᠬᠥᠰᠡᠷᠳᠡᠭᠦᠯᠬᠦ ᠥᠬᠡᠶ ᠶᠤᠮ᠃
    ᠬᠣᠶᠠᠷ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠣᠣᠯ ᠬᠠᠷᠠᠯᠲᠠ ᠡᠭᠦᠷᠭᠡ
   《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠎ᠠ ᠪᠣᠯ 《ᠬᠣᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢᠨ ᠲᠡᠦᠬᠡ ᠵᠢᠨ ᠰᠣᠯᠪᠢᠴᠠᠯ᠎ᠤᠨ ᠬᠤᠭᠤᠴᠠᠭ᠎ᠠ ᠪᠣᠯᠤᠨ᠎ᠠ᠂ ᠢᠯᠠᠯᠲᠠ ᠵᠢᠨ ᠡᠷᠴᠢᠨ ᠳᠡᠭᠡᠷ᠎ᠡ᠎ᠪᠠᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠠᠩᠬᠠᠳᠠᠭᠴᠢ ᠲᠠᠪᠤᠨ ᠵᠢᠯ ᠪᠣᠯᠤᠨ᠎ᠠ᠂ ᠮᠥᠨᠴᠦ ᠮᠠᠨ᠎ᠤ ᠬᠤᠳᠠ ᠵᠢᠨ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠬᠤ᠂ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠬᠤ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠡ ᠬᠤᠷᠠᠯ᠎ᠠᠴᠠ ᠪᠢᠳᠡᠨ᠎ᠳᠤ ᠢᠷᠡᠭᠡᠳᠦᠢ ᠵᠢᠨ ᠲᠠᠪᠤᠨ ᠵᠢᠯ ᠵᠢᠴᠢ 2035 ᠣᠨ᠎ᠤ ᠠᠤᠭ᠎ᠠ ᠲᠥᠰᠦᠪ᠎ᠢ ᠵᠢᠷᠤᠭᠯᠠᠵᠤ᠂ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ ᠬᠤᠶᠡᠷ ᠮᠢᠩᠭ᠎ᠠ ᠪᠦᠭᠡᠳ ᠭᠤᠴᠢᠨ ᠲᠠᠪᠤᠨ ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠭᠡᠨ ᠭᠣᠣᠯ ᠬᠤᠳᠠ ᠵᠢᠨ ᠬᠣᠷᠢᠶᠠᠨ᠎ᠤ ᠰᠠᠨᠠᠭᠤᠯᠭ᠎ᠠ》 ᠵᠢ ᠦᠨᠳᠦᠰᠦᠯᠡᠨ᠂ ᠬᠤᠳᠠ ᠵᠢᠨ ᠵᠠᠰᠠᠭ᠎ᠤᠨ ᠣᠷᠳᠣᠨ᠎ᠠᠴᠠ 《ᠭᠡᠭᠡᠨ ᠭᠣᠣᠯ ᠬᠤᠳᠠ ᠵᠢᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ ᠬᠤᠶᠡᠷ ᠮᠢᠩᠭ᠎ᠠ ᠪᠦᠭᠡᠳ ᠭᠤᠴᠢᠨ ᠲᠠᠪᠤᠨ ᠣᠨ᠎ᠤ ᠠᠯᠤᠰ᠎ᠤᠨ ᠬᠠᠷᠠᠯᠲᠠ ᠵᠢᠨ ᠲᠣᠪᠴᠢ (ᠲᠥᠰᠦᠯ)》 ᠵᠢ ᠨᠠᠶ᠋ᠢᠷᠠᠭᠤᠯᠤᠨ ᠵᠣᠬᠢᠶᠠᠵᠤ᠂ ᠲᠤᠰ ᠤᠳᠠᠭ᠋ᠠᠨ᠎ᠤ ᠶᠡᠬᠡ ᠬᠤᠷᠠᠯ᠎ᠳᠤ ᠳᠡᠪᠰᠢᠭᠦᠯᠦᠨ ᠬᠢᠨᠠᠨ ᠶᠠᠷᠢᠯᠴᠠᠭᠤᠯᠪᠠ᠃ 《ᠬᠥᠲᠥᠯᠪᠦᠷᠢ (ᠲᠥᠰᠦᠯ)》᠎ᠨᠢ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠡᠮᠡᠴᠡᠯ᠎ᠤᠨ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠡᠷᠡᠰ ᠭᠤᠶ᠋ᠢᠪᠢᠰᠢ ᠦᠭᠡᠢ᠎ᠪᠠᠷ ᠲᠤᠭᠤᠰᠢᠯᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠮᠠᠨ᠎ᠤ ᠬᠣᠲᠠ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠣᠣᠯ ᠬᠠᠷᠠᠯᠲᠠ ᠡᠭᠦᠷᠭᠡ ᠵᠢ ᠲᠣᠳᠣᠷᠬᠠᠶ᠋ᠢᠯᠠᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠴᠢᠷᠮᠠᠶ᠋ᠢᠨ ᠠᠬᠢᠭᠤᠯᠵᠤ᠂ ᠠᠵᠤ ᠠᠬᠤᠢ ᠵᠢᠨ ᠲᠣᠭᠲᠠᠭᠤᠨ ᠵᠶ᠋ᠠᠷ ᠠᠯᠤᠰ᠎ᠢ ᠵᠣᠷᠢᠬᠤ ᠪᠠ ᠨᠡᠶ᠋ᠢᠭᠡᠮ᠎ᠤᠨ ᠠᠮᠤᠷ ᠲᠣᠭᠲᠠᠭᠤᠨ ᠡᠶ᠎ᠡ ᠵᠣᠬᠢᠴᠠᠯ᠎ᠲᠠᠢ ᠪᠠᠶ᠋ᠢᠬᠤ ᠵᠢ ᠠᠬᠢᠭᠤᠯᠵᠠᠢ᠃
    ᠬᠣᠶ᠋ᠢᠰᠢᠳᠠ ᠵᠢᠨ ᠲᠠᠪᠤᠨ ᠵᠢᠯ᠎ᠳᠤ᠂ ᠪᠢᠳᠡ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠡᠨᠧᠷᠭᠢ ᠵᠢ ᠲᠥᠪᠯᠡᠷᠡᠭᠦᠯᠵᠦ᠂ ᠴᠢᠨᠠᠷ ᠰᠠᠶ᠋ᠢᠲᠠᠢ᠂ ᠥᠨᠳᠥᠷ ᠦᠷ᠎ᠡ ᠠᠰᠢᠭ᠎ᠲᠠᠢ᠎ᠪᠠᠷ ᠠᠵᠤ ᠠᠬᠤᠢ ᠨᠡᠶ᠋ᠢᠭᠡᠮ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠨᠢᠭᠡ ᠡᠭᠡᠯᠵᠢ ᠵᠢᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠂ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ᠂ ᠭᠣᠤᠯ ᠴᠣᠭᠴᠠ ᠵᠢᠨ ᠴᠢᠳᠠᠮᠵᠢᠳᠤ ᠣᠷᠣᠨ ᠵᠡᠷᠭᠡ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠦᠭᠰᠡᠨ᠎ᠠᠴᠠ ᠪᠣᠯᠤᠭᠰᠠᠨ ᠠᠵᠠ ᠲᠣᠬᠢᠶᠠᠯ᠎ᠢ ᠴᠢᠩᠭ᠎ᠠ ᠠᠳᠬᠤᠵᠤ᠂ ᠬᠡᠷᠡᠭᠯᠡᠭᠡᠨ᠎ᠤ ᠪᠦᠲᠦᠴᠡ ᠵᠢᠨ ᠲᠠᠰ ᠳᠡᠪᠰᠢᠬᠦ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠡᠷᠭᠡ ᠠᠰᠢᠭᠲᠠᠶ ᠬᠦᠴᠦᠨ ᠵᠦᠢᠯ᠎ᠢ ᠠᠰᠢᠭᠯᠠᠨ᠂ ᠠᠵᠤ ᠠᠬᠤᠶ ᠨᠡᠶ᠋ᠢᠭᠡᠮ᠎ᠤᠨ ᠡᠷᠡᠭᠦᠯ ᠵᠶ᠋ᠠᠷ ᠬᠥᠭᠵᠢᠬᠦ ᠵᠢ ᠦᠷᠭᠦᠯᠵᠢᠯᠡᠨ ᠠᠬᠢᠭᠤᠯᠤᠨ᠎ᠠ᠃ ᠣᠷᠣᠨ ᠪᠠᠶ᠋ᠢᠷᠢ ᠵᠢᠨ ᠳᠠᠪᠠᠭᠤᠯᠢᠭ ᠪᠣᠯᠤᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ᠂ 《ᠰᠣᠶᠣᠯ ᠵᠤᠭ᠋ᠠᠴᠠᠯ᠎ᠤᠨ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠤᠨᠴᠠᠯᠢᠬᠳᠤ ᠲᠠᠷᠢᠵᠦ ᠲᠡᠵᠢᠭᠡᠬᠦ ᠦᠢ᠍ᠯᠡᠰ᠎ᠤᠨ ᠬᠤᠷᠳᠤᠴᠠ ᠵᠢ ᠳᠡᠭᠡᠭᠰᠢᠯᠡᠭᠦᠯᠬᠦ᠂ ᠤᠯᠠᠮᠵᠢᠯᠠᠯᠲᠤ ᠠᠵᠤ ᠦᠢ᠍ᠯᠡᠰ᠎ᠤᠨ ᠦᠷ᠎ᠡ ᠠᠰᠢᠭ᠎ᠢ ᠳᠡᠭᠡᠭᠰᠢᠯᠡᠭᠦᠯᠬᠦ᠂ ᠠᠷᠠᠯᠵᠢᠶ᠎ᠠ ᠬᠤᠳᠠᠯᠳᠤᠭ᠎ᠠ ᠭᠦᠢ᠍ᠯᠭᠡᠭᠡᠨ᠎ᠤ ᠦᠢ᠍ᠯᠡᠰ᠎ᠤᠨ ᠲᠡᠰ ᠳᠡᠪᠰᠢᠬᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠬᠤ》 ᠲᠠᠪᠤᠨ ᠶᠡᠬᠡ ᠠᠵᠢᠯᠯᠠᠭ᠎ᠠ ᠵᠢ ᠪᠦᠬᠦ ᠲᠠᠯ᠎ᠠ᠎ᠪᠠᠷ ᠠᠬᠢᠭᠤᠯᠵᠤ᠂ ᠠᠵᠤ ᠠᠬᠤᠢ ᠵᠢᠨ ᠰᠢᠨ᠎ᠡ ᠨᠡᠮᠡᠭᠳᠡᠯ᠎ᠤᠨ ᠴᠡᠭ᠎ᠢ ᠢᠳᠡᠪᠬᠢᠲᠡᠢ ᠡᠭᠦᠳᠴᠦ᠂ ᠡᠳ᠋᠎ᠤᠨ ᠵᠠᠰᠠᠭ᠎ᠤᠨ ᠣᠷᠣᠯᠭ᠎ᠠ ᠵᠢᠨ ᠨᠡᠮᠡᠭᠳᠡᠯ᠎ᠳᠤ ᠰᠠᠭᠤᠷᠢ ᠵᠢ ᠪᠠᠲᠤᠳᠬᠠᠨ ᠬᠦᠴᠦᠨ᠎ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠵᠢᠨ ᠬᠥᠭᠵᠢᠯᠲᠡ᠎ᠳᠤ ᠠᠰᠢᠭᠲᠠᠢ ᠪᠠᠶ᠋ᠢᠷᠢ ᠵᠢ ᠡᠵᠡᠯᠡᠨ᠎ᠡ᠃
    ᠬᠣᠶ᠋ᠢᠰᠢᠳᠠ ᠵᠢᠨ ᠲᠠᠪᠤᠨ ᠵᠢᠯ᠎ᠳᠤ᠂ ᠪᠢᠳᠡ ᠪᠣᠬᠢᠷᠲᠤᠯ ᠦᠭᠡᠢ᠎ᠪᠠᠷ ᠦᠷᠭᠦᠯᠵᠢᠯᠡᠨ ᠬᠥᠭᠵᠢᠬᠦ ᠵᠢ ᠪᠠᠲᠤᠯᠠᠵᠤ᠂ ᠠᠵᠤ ᠠᠬᠤᠢ ᠵᠢᠨ ᠦᠷ᠎ᠡ ᠠᠰᠢᠭ ᠪᠣᠯᠤᠨ ᠠᠮᠢ ᠠᠬᠤᠢ ᠵᠢᠨ ᠦᠷ᠎ᠡ ᠠᠰᠢᠭ᠎ᠤᠨ ᠣᠷᠭ᠋ᠠᠨᠢᠭ ᠨᠢᠭᠡᠳᠦᠯ᠎ᠢ ᠪᠡᠶᠡᠯᠡᠭᠦᠯᠦᠨ᠎ᠡ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠤᠰᠤ ᠭᠡᠬᠦ ᠤᠢ᠍ᠢ᠍ᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠰᠢᠭᠤᠶ᠋ᠢᠲᠤ ᠣᠷᠣᠨ᠎ᠤ ᠳᠠᠪᠠᠭᠤᠯᠢᠭ᠎ᠲᠤ ᠰᠠᠭᠤᠷᠢᠯᠠᠨ ᠤᠨᠴᠠᠯᠢᠬᠳᠤ ᠠᠵᠤ ᠦᠢ᠍ᠯᠡᠰ᠎ᠢ ᠬᠥᠭᠵᠢᠭᠦᠯᠵᠦ᠂ ᠦᠢ᠍ᠯᠡᠳᠪᠦᠷᠢᠯᠡᠯ᠎ᠤᠨ ᠣᠷᠣᠨ ᠵᠠᠢ ᠵᠢᠨ ᠡᠷᠴᠢᠮᠯᠢᠭ ᠥᠨᠳᠥᠷ ᠦᠷ᠎ᠡ ᠠᠰᠢᠭ᠎ᠲᠠᠢ᠂ ᠠᠮᠢᠳᠤᠷᠠᠯ᠎ᠤᠨ ᠣᠷᠣᠨ ᠵᠠᠢ ᠵᠢᠨ ᠲᠠᠭ᠋ᠠᠯᠠᠮᠵᠢᠲᠠᠢ ᠪᠥᠭᠡᠳ ᠣᠷᠣᠰᠢᠨ ᠰᠠᠭᠤᠬᠤ᠎ᠳᠤ ᠲᠠᠭ᠋ᠠᠯᠠᠮᠵᠢᠲᠠᠢ᠂ ᠠᠮᠢ ᠠᠬᠤᠢ ᠵᠢᠨ ᠣᠷᠣᠨ ᠠᠭᠤᠯᠠ᠎ᠨᠢ ᠦᠨᠳᠦᠷ ᠤᠰᠤ᠎ᠨᠢ ᠲᠤᠩᠭ᠋ᠠᠯᠠᠭ ᠤᠯᠤᠰ᠎ᠤᠨ ᠭᠠᠵᠠᠷ ᠰᠢᠷᠣᠢ ᠵᠢᠨ ᠣᠷᠣᠨ᠎ᠤ ᠪᠠᠶ᠋ᠢᠷᠢᠰᠢᠯ᠎ᠢ ᠪᠤᠢ ᠪᠣᠯᠭ᠋ᠠᠨ᠎ᠠ᠃ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠬᠥᠭᠵᠢᠯᠲᠡ ᠵᠢᠨ ᠣᠷᠴᠢᠨ ᠨᠥᠬᠥᠴᠡᠯ᠎ᠢ ᠪᠤᠢ ᠪᠣᠯᠭ᠋ᠠᠵᠤ᠂ ᠠᠮᠢ ᠠᠬᠤᠶ ᠵᠢ ᠰᠡᠷᠭᠦᠭᠡᠨ ᠬᠠᠮᠠᠭ᠋ᠠᠯᠠᠬᠤ᠂ ᠭᠣᠣᠯ ᠮᠥᠷᠡᠨ᠎ᠢ ᠵᠠᠰᠠᠬᠤ ᠵᠡᠷᠭᠡ ᠴᠢᠬᠤᠯᠠ ᠶᠡᠬᠡ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠬᠤᠳᠠ ᠬᠥᠳᠡᠭᠡ ᠵᠢ ᠬᠠᠮᠤᠷᠤᠭᠰᠠᠨ ᠬᠣᠭ ᠨᠣᠪᠰᠢ᠂ ᠪᠣᠬᠢᠷ ᠤᠰᠤ ᠵᠢ ᠰᠢᠢ᠍ᠳᠪᠦᠷᠢᠯᠡᠬᠦ ᠰᠢᠰᠲ᠋ᠧᠮ᠎ᠢ ᠪᠠᠶ᠋ᠢᠭᠤᠯᠤᠨ᠎ᠠ᠃ ᠬᠣᠷᠢᠭ᠎ᠠ ᠱᠤᠭᠤᠮ᠎ᠤᠨ ᠤᠯᠠᠭ᠋ᠠᠨ ᠱᠤᠭᠤᠮ᠎ᠢ ᠪᠠᠲᠤ ᠰᠠᠬᠢᠵᠤ᠂ ᠪᠣᠬᠢᠷᠲᠤᠯ ᠦᠭᠡᠢ ᠠᠵᠤ ᠠᠬᠤᠢ ᠵᠢ ᠬᠥᠭᠵᠢᠭᠦᠯᠵᠦ᠂ ᠦᠷᠭᠦᠯᠵᠢᠯᠡᠬᠦ ᠬᠥᠭᠵᠢᠯᠲᠡ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂   ᠭᠡᠭᠡᠨ ᠭᠤᠤᠯ᠎ᠤᠨ ᠣᠭᠲᠠᠷᠭᠤᠢ᠎ᠨᠢ ᠨᠡᠩ ᠴᠡᠯᠮᠡᠭ᠂ ᠭᠠᠵᠠᠷ᠎ᠨᠢ ᠨᠡᠩ ᠨᠣᠭᠣᠭ᠋ᠠᠨ᠂ ᠤᠰᠤ᠎ᠨᠢ ᠨᠡᠩ ᠲᠤᠩᠭ᠋ᠠᠯᠠᠭ᠂ ᠠᠭ᠋ᠠᠷ᠎ᠨᠢ ᠨᠡᠩ ᠴᠡᠪᠡᠷ ᠲᠤᠩᠭ᠋ᠠᠯᠠᠭ ᠪᠣᠯᠭ᠋ᠠᠨ᠎ᠠ᠃

ᠢᠷᠡᠯᠲᠡ᠄ ᠭᠡᠭᠡᠨ ᠭᠤᠤᠯ ᠬᠤᠳᠠ ᠵᠢᠨ ᠵᠠᠰᠠᠭ᠎ᠤᠨ ᠤᠷᠳᠤᠨ
Baidu
map