ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠦᠬᠦ ᠦᠷᠲᠡᠭ᠎ᠢ 3.5% ᠣᠷᠴᠢᠮ ᠵᠶ᠋ᠠᠷ ᠨᠡᠮᠡᠭᠳᠡᠭᠦᠯᠦᠨ᠎ᠡ; ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠲᠣᠭᠲᠠᠮᠠᠯ ᠬᠦ᠍ᠷᠦᠡᠭᠭᠡ ᠵᠢᠨ ᠪᠡᠯᠡ ᠣᠷᠣᠭᠤᠯᠤᠯᠲᠠ ᠵᠢ 7% ᠤᠷᠴᠢᠮ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠪᠦᠬᠦ ᠲᠣᠭ᠎ᠠ ᠵᠢ 3% ᠣᠷᠴᠢᠮ᠂ ᠬᠤᠳᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢ 3% ᠣᠷᠴᠢᠮ ᠵᠶ᠋ᠠᠷ ᠨᠡᠮᠡᠭᠳᠡᠭᠦᠯᠦᠨ᠎ᠡ; ᠪᠠᠲᠤᠯᠠᠭ᠎ᠠ ᠵᠢᠨ ᠴᠢᠨᠠᠷᠲᠠᠶ ᠠᠷᠠᠳ᠎ᠤᠨ ᠠᠮᠢᠳᠤᠷᠠᠯ᠎ᠤᠨ ᠵᠠᠷᠤᠯᠭ᠎ᠠ ᠲᠣᠭᠲᠠᠭᠤᠨ ᠵᠶ᠋ᠠᠷ ᠨᠡᠮᠡᠭᠳᠡᠵᠦ᠂ ᠬᠢᠵᠠᠭ᠋ᠠᠷᠯᠠᠬᠤ ᠴᠢᠨᠠᠷᠲᠠᠶ ᠭᠦᠢ᠍ᠴᠡᠳᠬᠡᠬᠦ ᠲᠣᠭ᠎ᠠ ᠵᠢ ᠳᠡᠭᠡᠳᠦ ᠱᠠᠲᠤᠨ᠎ᠤ ᠱᠠᠭ᠋ᠠᠷᠳᠠᠯᠭ᠎ᠠ᠎ᠳᠤ ᠬᠦᠷᠭᠡᠨ᠎ᠡ᠃
ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠢᠨ ᠲᠥᠯᠥᠭᠡ᠂ ᠳᠣᠣᠷᠠᠬᠢ ᠲᠤᠯᠤᠭ᠋ᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠠᠳᠬᠤᠨ᠎ᠠ᠄
(ᠨᠢᠭᠡ) ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠴᠣᠭᠴᠠᠯᠠᠨ᠎ᠠ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠪᠣᠯᠬᠤ ᠤᠢ᠍ᠢ᠍ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠳᠦ ᠣᠷᠣᠨ᠎ᠤ ᠪᠠᠶ᠋ᠢᠷᠢ ᠲᠣᠭᠲᠠᠭ᠋ᠠᠯᠲᠠ᠎ᠳᠤ ᠰᠠᠭᠤᠷᠢᠯᠠᠵᠤ᠂ ᠠᠮᠢ ᠠᠬᠤᠢ ᠵᠢᠨ ᠪᠦᠳᠦᠬᠡᠨ ᠪᠠᠶ᠋ᠢᠭᠤᠯᠤᠯᠲᠠ ᠪᠠ ᠬᠠᠮᠠᠭ᠋ᠠᠯᠠᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠡᠨᠡᠬᠦ ᠨᠣᠮᠢᠨ ᠨᠣᠭᠣᠭ᠋ᠠᠨ ᠤᠢ ᠰᠢᠭᠤᠢ ᠵᠢ ᠡᠷᠡᠰ ᠰᠠᠬᠢᠨ ᠬᠠᠮᠠᠭ᠋ᠠᠯᠠᠬᠤ ᠬᠡᠷᠡᠭᠲᠡᠢ᠃
ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠦᠷᠭᠡᠳᠬᠡᠨ᠎ᠡ᠃ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠶ᠋ᠢᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠠᠯᠠ ᠮᠥᠩᠭᠥ ᠵᠢᠨ ᠲᠡᠮᠵᠢᠯᠭᠡᠢ ᠢᠳᠡᠪᠬᠢᠳᠠᠢ ᠤᠯᠤᠨ᠎ᠠ᠃ 《ᠭᠡᠭᠡᠨ ᠭᠣᠤᠯ ᠬᠣᠲᠠ ᠵᠢᠨ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠶᠡᠷᠦᠩᠬᠡᠶ ᠲᠥᠯᠥᠪᠵᠢᠭᠦᠯᠭᠡ》 ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠰᠠᠶ᠋ᠢᠲᠤᠷ ᠬᠢᠵᠦ᠂ ᠭᠠᠵᠠᠷ ᠰᠢᠷᠣᠶ ᠵᠢᠨ ᠠᠰᠢᠭᠯᠠᠯᠲᠠ ᠵᠢᠨ ᠲᠥᠯᠥᠪᠵᠢᠭᠦᠯᠭᠡ᠂ ᠬᠣᠲᠠ ᠬᠥᠳᠡᠭᠡ ᠵᠢᠨ ᠲᠥᠯᠥᠪᠵᠢᠭᠦᠯᠭᠡ᠂ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠠᠭᠤᠰᠤᠯᠴᠠᠨ ᠨᠢᠭᠡᠳᠬᠦ ᠵᠢ ᠠᠬᠢᠭᠤᠯᠵᠤ᠂ 《ᠣᠯᠠᠨ ᠲᠥᠯᠥᠪᠵᠢᠭᠦᠯᠭᠡ ᠵᠢ ᠨᠢᠭᠡᠳᠬᠡᠬᠦ》 ᠵᠢ ᠪᠡᠶᠡᠯᠡᠭᠦᠯᠦᠨ᠎ᠡ᠃ ᠬᠥᠯᠥᠨ ᠪᠣᠶ᠋ᠢᠷ᠎ᠤᠨ ᠤᠯᠤᠰ᠎ᠤᠨ ᠴᠡᠴᠡᠷᠯᠢᠭ᠎ᠢ ᠡᠭᠦᠳᠦᠨ ᠪᠠᠶ᠋ᠢᠭᠤᠯᠬᠤ᠎ᠳᠤ ᠢᠳᠡᠪᠬᠢᠲᠡᠶ ᠣᠷᠣᠯᠴᠠᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠪᠥᠬᠥ ᠬᠦᠴᠦᠨ ᠵᠶ᠋ᠠᠷ ᠵᠶ᠋ᠠᠨ ᠴᠢᠷᠮᠠᠶ᠋ᠢᠨ ᠡᠭᠦᠳᠴᠦ᠂ 《ᠳᠤᠮᠳᠠᠳᠤ ᠤᠯᠤᠰ᠎ᠤᠨ ᠣᠶ ᠰᠢᠭᠤᠶ ᠵᠢᠨ ᠬᠦᠴᠢᠯᠲᠥ᠋ᠷᠥᠭᠴᠢ ᠵᠢᠨ ᠪᠠᠭ᠋ᠠᠷ》᠎ᠤᠨ ᠭᠡᠷᠡᠴᠢᠯᠡᠭᠡ ᠵᠢ ᠪᠡᠶᠡᠯᠡᠭᠦᠯᠦᠨ᠂ ᠰᠢᠶᠠᠨ᠎ᠤ ᠬᠡᠪᠴᠢᠶᠡᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠰᠢᠯᠭ᠋ᠠᠯᠲᠠ ᠵᠢ ᠦᠷᠭᠦᠯᠵᠢᠯᠡᠨ ᠰᠠᠶ᠋ᠢᠲᠤᠷ ᠬᠢᠨ᠎ᠠ᠃
ᠠᠮᠢ ᠠᠬᠤᠶ ᠵᠢᠨ ᠡᠬᠢ ᠪᠠᠶᠠᠯᠢᠭ᠎ᠤᠨ ᠬᠠᠮᠠᠭ᠋ᠠᠯᠠᠯ᠎ᠲᠠᠢ ᠴᠢᠩᠭ᠋ᠠᠳᠬᠠᠨ᠎ᠠ᠃ ᠤᠢ ᠰᠢᠭᠤᠶ᠂ ᠭᠣᠣᠯ ᠮᠥᠷᠡᠨ᠂ ᠴᠢᠭᠢᠭᠯᠢᠭ ᠭᠠᠵᠠᠷ ᠵᠡᠷᠭᠡ ᠠᠮᠢ ᠠᠬᠤᠶ ᠵᠢᠨ ᠰᠢᠰᠲ᠋ᠧᠮ᠎ᠢ ᠪᠦᠬᠦ ᠲᠠᠯ᠎ᠠ᠎ᠪᠠᠷ ᠬᠠᠮᠠᠭ᠋ᠠᠯᠠᠵᠤ᠂ ᠠᠮᠢ ᠠᠬᠤᠶ ᠵᠢᠨ ᠰᠢᠰᠲ᠋ᠧᠮ᠎ᠤᠨ ᠦᠢ᠍ᠯᠡᠴᠢᠯᠡᠭᠡᠨ᠎ᠤ ᠦᠷᠳᠡᠭ᠎ᠢ ᠳᠡᠭᠡᠭᠰᠢᠯᠡᠭᠦᠯᠦᠨ᠎ᠡ᠃ ᠠᠮᠢ ᠠᠬᠤᠶ ᠵᠢᠨ ᠬᠠᠮᠠᠭ᠋ᠠᠯᠠᠯᠲᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠡᠷᠴᠢᠮ᠎ᠢ ᠴᠢᠩᠭ᠋ᠠᠷᠠᠭᠤᠯᠤᠨ᠂ ᠳᠤᠷ᠎ᠠ᠎ᠪᠠᠷ ᠵᠶ᠋ᠠᠨ ᠠᠩᠨᠠᠬᠤ ᠪᠠ ᠬᠠᠤᠯᠢ ᠪᠤᠰᠤ᠎ᠪᠠᠷ ᠡᠵᠡᠩᠨᠡᠬᠦ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠭᠡᠭᠡᠨ ᠭᠣᠤᠯ ᠬᠣᠲᠠ ᠵᠢᠨ ᠬᠡᠭᠡᠷ᠎ᠡ ᠵᠢᠨ ᠠᠮᠢᠲᠠᠨ᠎ᠢ ᠠᠪᠤᠷᠬᠠᠤ ᠲᠥᠪ᠎ᠤᠨ ᠪᠥᠲᠥᠭᠡᠨ ᠪᠠᠶ᠋ᠢᠭᠤᠯᠤᠯᠲᠠ ᠵᠢ ᠰᠠᠶ᠋ᠢᠲᠤᠷ ᠬᠢᠨ᠎ᠠ᠃ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠣᠶ᠋ᠢᠲᠤ ᠭᠠᠵᠠᠷ᠂ ᠣᠶ ᠮᠣᠳᠣ ᠪᠣᠯᠤᠨ ᠨᠤᠭᠤ ᠭᠠᠵᠠᠷ᠎ᠤᠨ ᠡᠬᠢ ᠪᠠᠶᠠᠯᠢᠭ᠎ᠢ ᠡᠪᠳᠡᠭᠰᠡᠨ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠣᠶ ᠰᠢᠭᠤᠶ ᠵᠢᠨ ᠰᠡᠷᠭᠡᠶ᠋ᠢᠯᠡᠯᠲᠡ ᠵᠢᠨ ᠰᠠᠭᠤᠷᠢ ᠪᠡᠯᠡᠳᠬᠡᠮᠵᠢ ᠪᠣᠯᠤᠨ ᠲᠤᠰᠬᠠᠶ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠣᠶ ᠰᠢᠭᠤᠶ ᠵᠢᠨ ᠬᠦᠨᠳᠦ ᠶᠡᠬᠡ ᠣᠨᠴᠠ ᠶᠡᠬᠡ ᠭᠠᠯ᠎ᠤᠨ ᠠᠶᠤᠯ ᠡᠭᠦᠰᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠤᠬᠠᠶ ᠴᠠᠭᠳᠠᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠠᠷᠢᠶᠠᠨ ᠭᠠᠵᠠᠷ᠎ᠤᠨ ᠬᠠᠳᠠᠭ᠋ᠠᠯᠠᠯᠲᠠ ᠵᠢᠨ ᠬᠡᠮᠵᠢᠶ᠎ᠡ ᠵᠢ ᠪᠠᠭᠤᠷᠠᠭᠤᠯᠬᠤ ᠦᠭᠡᠢ ᠪᠠᠶ᠋ᠢᠬᠤ ᠵᠢ ᠴᠢᠩᠭ᠎ᠠ ᠬᠢᠵᠠᠭ᠋ᠠᠷᠯᠠᠨ᠎ᠠ᠃ ᠭᠣᠣᠯ᠎ᠤᠨ ᠳᠠᠷᠤᠭ᠎ᠠ ᠵᠢᠨ ᠳᠦᠷᠢᠮ᠎ᠢ ᠴᠢᠩᠭ᠋ᠠᠷᠠᠭᠤᠯᠵᠤ᠂ ᠭᠣᠣᠯ ᠮᠥᠷᠡᠨ᠎ᠤ ᠬᠠᠮᠢᠶᠠᠷᠤᠯᠲᠠ ᠵᠢ ᠵᠢᠷᠤᠮᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠰᠢᠷᠦᠭᠦᠨ ᠤᠷᠤᠰᠬᠠᠯ᠎ᠤᠨ ᠭᠣᠣᠯ᠎ᠤᠨ ᠮᠠᠨᠬᠦ᠋ᠢ ᠪᠠᠯᠭ᠋ᠠᠰᠤᠨ᠎ᠤ ᠬᠡᠰᠡᠭ᠎ᠤᠨ ᠦᠶᠡᠷ᠎ᠢ ᠰᠡᠷᠭᠡᠶ᠋ᠢᠯᠡᠬᠦ ᠦᠷᠭᠦᠯᠵᠢᠯᠡᠨ ᠪᠦᠲᠦᠭᠡᠨ ᠪᠠᠶ᠋ᠢᠭᠤᠯᠬᠤ ᠢᠨᠵᠧᠨᠧᠷᠢᠩ᠂ ᠴᠤᠤ ᠴᠠ ᠾᠧ ᠭᠣᠣᠯ᠎ᠤᠨ ᠵᠡᠭᠦᠨ ᠡᠷᠭᠢ ᠵᠢᠨ ᠦᠶᠡᠷ᠎ᠢ ᠲᠠᠰᠤᠯᠬᠤ ᠭᠤᠤ ᠵᠢ ᠦᠷᠭᠦᠯᠵᠢᠯᠡᠨ ᠪᠦᠲᠦᠭᠡᠨ ᠪᠠᠶ᠋ᠢᠭᠤᠯᠬᠤ ᠢᠨᠵᠧᠨᠧᠷᠢᠩ᠎ᠢ ᠰᠠᠶ᠋ᠢᠲᠤᠷ ᠬᠢᠨ᠎ᠡ᠃
ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠦᠨ᠎ᠡ᠃ ᠡᠨᠧᠷᠭᠢ ᠵᠢᠨ ᠬᠣᠷᠣᠭᠳᠠᠯ᠎ᠤᠨ ᠶᠡᠷᠦᠩᠬᠡᠶ ᠬᠡᠮᠵᠢᠶ᠎ᠡ ᠪᠣᠯᠤᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠴᠢᠩᠭ᠎ᠠ ᠬᠢᠵᠠᠭ᠋ᠠᠷᠯᠠᠵᠤ᠂ ᠰᠢᠨ᠎ᠡ᠎ᠪᠠᠷ ᠪᠠᠶ᠋ᠢᠭᠤᠯᠬᠤ ᠲᠦᠷᠦᠯ ᠵᠦᠢ᠍ᠯ᠎ᠤᠨ ᠨᠢᠭᠡᠴᠢ ᠦᠢ᠍ᠯᠡᠳᠬᠦᠨ᠎ᠤ ᠡᠨᠧᠷᠭᠢ ᠵᠢᠨ ᠬᠣᠷᠣᠭᠳᠠᠯ᠎ᠢ ᠡᠷᠬᠡᠪᠰᠢ ᠤᠯᠤᠰ᠎ᠤᠨ ᠪᠠᠷᠢᠮᠵᠢᠶ᠎ᠠ᠎ᠳᠤ ᠭᠦᠷᠭᠡᠨ᠎ᠠ᠃ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠦᠷ᠎ᠡ ᠪᠦᠲᠦᠭᠡᠯ᠎ᠢ ᠪᠡᠬᠢᠵᠢᠭᠦᠯᠦᠨ᠎ᠡ᠃ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠭᠣᠣᠯᠳᠠᠯᠭ᠎ᠠ᠎ᠲᠠᠢ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠦᠭᠡᠢ᠎ᠪᠠᠷ ᠭᠠᠳᠠᠭᠰᠢᠯᠠᠭᠤᠯᠬᠤ ᠪᠠ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠥᠷᠨᠢᠭᠦᠯᠵᠦ᠂ ᠪᠠᠷᠢᠯᠭ᠎ᠠ ᠵᠢᠨ ᠭᠠᠵᠠᠷ᠂ ᠵᠠᠮ᠎ᠤᠨ ᠬᠣᠭ ᠲᠣᠭᠣᠰᠣ ᠵᠡᠷᠭᠡ ᠵᠢ ᠶᠡᠷᠦᠩᠬᠡᠶ᠋ᠢᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠳ᠋ᠠ ᠯᠢᠨ ᠺᠣᠮᠫᠠᠨᠢ ᠵᠢᠨ ᠭᠦᠤᠸᠯᠦ ᠵᠢᠨ ᠤᠲᠤᠭ᠎ᠠ ᠬᠡᠢ ᠵᠢᠨ ᠭᠠᠳᠠᠭᠰᠢᠯᠠᠭᠤᠯᠤᠯᠲᠠ ᠵᠢᠴᠢ ᠨᠠᠷᠢᠨ ᠲᠣᠭᠣᠰᠣᠨ᠎ᠤ ᠪᠣᠬᠢᠷᠲᠤᠯ᠎ᠢ ᠬᠣᠷᠢᠭᠯᠠᠬᠤ ᠪᠠᠷᠢᠮᠵᠢᠶ᠎ᠠ ᠵᠢ ᠳᠡᠭᠡᠭᠰᠢᠯᠡᠭᠦᠯᠬᠦ ᠥᠭᠡᠷᠡᠴᠢᠯᠡᠯᠲᠡ ᠵᠢᠨ ᠢᠨᠵᠧᠨᠧᠷᠢᠩ᠎ᠢ ᠬᠡᠷᠡᠭᠵᠢᠭᠦᠯᠵᠦ᠂ ᠠᠭ᠋ᠠᠷ ᠮᠠᠨᠳᠠᠯ᠎ᠤᠨ ᠪᠣᠬᠢᠷᠲᠤᠯ᠎ᠢ ᠡᠬᠢ ᠰᠤᠷᠪᠤᠯᠵᠢ᠎ᠠᠴᠠ᠎ᠨᠢ ᠬᠢᠵᠠᠭ᠋ᠠᠷᠯᠠᠨ᠎ᠠ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠨᠠᠶ᠋ᠢᠳᠠᠪᠤᠷᠢᠵᠢᠭᠤᠯᠤᠨ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠬᠠᠮᠠᠭ᠋ᠠᠯᠠᠯᠲᠠ ᠵᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠰᠢᠶᠠᠩ ᠪᠠᠯᠭ᠋ᠠᠰᠤ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠢ ᠠᠬᠢᠭᠤᠯᠤᠨ᠂ ᠬᠣᠲᠠ ᠵᠢᠨ ᠲᠣᠭᠣᠷᠢᠭ᠎ᠤᠨ ᠪᠣᠬᠢᠷ ᠤᠰᠤ ᠵᠢ ᠬᠣᠷᠢᠶᠠᠨ ᠴᠤᠭᠯᠠᠭᠤᠯᠬᠤ ᠨᠣᠷᠮ᠎ᠠ ᠵᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢ᠍ᠯ᠎ᠢ ᠪᠡᠶᠡᠯᠡᠭᠦᠯᠵᠦ᠂ ᠪᠦᠬᠦ ᠬᠦᠴᠦᠨ᠎ᠪᠠᠷ ᠭᠡᠭᠡᠨ ᠭᠤᠤᠯ᠎ᠤᠨ ᠤᠰᠦᠨᠤ ᠤᠷᠴᠢᠨ᠎ᠤ ᠠᠶᠤᠯᠭᠦᠢᠢ ᠪᠠᠳᠤᠯᠠᠨ᠎ᠠ᠃ ᠬᠥᠷᠥᠰᠥ ᠰᠢᠷᠣᠶ ᠵᠢᠨ ᠪᠣᠬᠢᠷᠲᠤᠯ᠎ᠤᠨ ᠪᠠᠶ᠋ᠢᠳᠠᠯ᠎ᠤᠨ ᠪᠠᠶ᠋ᠢᠴᠠᠭ᠋ᠠᠯᠲᠠ ᠵᠢ ᠥᠷᠨᠢᠭᠦᠯᠵᠦ᠂ ᠬᠥᠷᠥᠰᠥ ᠰᠢᠷᠣᠶ ᠵᠢᠨ ᠣᠷᠴᠢᠨ ᠠᠬᠤᠶ ᠵᠢᠨ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠶ ᠬᠠᠶᠠᠭᠳᠠᠮᠠᠯ ᠪᠣᠳᠠᠰ᠎ᠤᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠠᠭᠤᠷᠬᠠᠶ ᠵᠢᠨ ᠠᠮᠢ ᠠᠬᠤᠶ ᠵᠢᠨ ᠣᠷᠴᠢᠨ ᠨᠥᠬᠥᠴᠡᠯ᠎ᠢ ᠵᠠᠰᠠᠬᠤ ᠪᠠ ᠪᠣᠬᠢᠷᠲᠤᠯ ᠦᠭᠡᠢ ᠠᠭᠤᠷᠬᠠᠶ ᠵᠢᠨ ᠪᠦᠳᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃
(ᠬᠣᠶᠠᠷ) ᠡᠬᠢ ᠪᠠᠶᠠᠯᠢᠭ᠎ᠤᠨ ᠳᠠᠯᠳᠠ ᠬᠦᠴᠦᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠦᠢ᠍ᠯᠡᠰ᠎ᠤᠨ ᠲᠠᠰ ᠳᠡᠪᠰᠢᠬᠦ ᠵᠢ ᠲᠦᠷᠭᠡᠳᠬᠡᠨ ᠠᠬᠢᠭᠤᠯᠤᠨ᠎ᠠ᠃ ᠭᠡᠭᠡᠨ ᠭᠣᠣᠯ᠎ᠤᠨ ᠠᠮᠢ ᠠᠬᠤᠢ ᠰᠢᠯᠢᠳᠡᠭ ᠰᠠᠢ᠍ᠢ᠍ᠨ᠂ ᠡᠬᠢ ᠪᠠᠶᠠᠯᠢᠭ ᠡᠯᠪᠡᠭ ᠵᠡᠷᠭᠡ ᠳᠠᠪᠠᠭᠤᠯᠢᠭ᠎ᠢ ᠶᠡᠬᠡᠰᠬᠡᠵᠦ᠂ ᠠᠮᠢ ᠠᠬᠤᠢ ᠵᠢ ᠠᠵᠤ ᠦᠢ᠍ᠯᠡᠰᠵᠢᠭᠦᠯᠬᠦ᠂ ᠠᠵᠤ ᠦᠢ᠍ᠯᠡᠰ᠎ᠢ ᠠᠮᠢ ᠠᠬᠤᠢ᠍ᠢ᠍ᠵᠢᠭᠤᠯᠬᠤ ᠵᠢ ᠪᠠᠷᠢᠮᠲᠠᠯᠠᠵᠤ᠂ 《ᠬᠥᠬᠡᠮᠳᠦᠭ ᠨᠣᠭᠣᠭ᠋ᠠᠨ ᠠᠭᠤᠯᠠ ᠤᠰᠤ》᠂ 《ᠮᠥᠰᠥ ᠴᠠᠰᠤᠨ᠎ᠳᠤ ᠬᠤᠴᠢᠭᠳᠠᠭᠰᠠᠨ ᠭᠠᠵᠠᠷ》᠎ᠤᠨ ᠠᠵᠢᠯ᠎ᠢ ᠰᠠᠶ᠋ᠢᠲᠤᠷ ᠬᠢᠵᠦ᠂ ᠨᠢᠭᠡ ᠦᠢ᠍ᠯᠡᠰ ᠵᠶ᠋ᠠᠷ ᠬᠦᠴᠦᠷᠬᠡᠭᠵᠢᠭᠦᠯᠦᠨ ᠲᠠᠢ᠍ᠢ᠍ᠴᠢᠯᠠᠵᠤ ᠤᠯᠠᠨ ᠦᠢ᠍ᠯᠡᠰ ᠵᠶ᠋ᠠᠷ ᠬᠥᠭᠵᠢᠬᠦ᠂ ᠤᠯᠠᠨ ᠲᠠᠯ᠎ᠠ᠎ᠪᠠᠷ ᠲᠤᠯᠭ᠋ᠠᠭᠤᠷᠢᠯᠠᠬᠤ᠂ ᠤᠯᠠᠨ ᠦᠢ᠍ᠯᠡᠰ᠎ᠢ ᠵᠡᠷᠭᠡ᠎ᠪᠡᠷ ᠬᠥᠭᠵᠢᠭᠦᠯᠬᠦ᠂ ᠤᠯᠠᠨ ᠡᠰᠢᠴᠢᠯᠡᠨ ᠬᠥᠭᠵᠢᠭᠦᠯᠬᠦ ᠤᠳᠤ ᠦᠶ᠎ᠡ ᠵᠢᠨ ᠠᠵᠤ ᠦᠢ᠍ᠯᠡᠰ᠎ᠤᠨ ᠪᠠᠶ᠋ᠢᠷᠢᠰᠢᠯ᠎ᠢ ᠲᠦᠷᠭᠡᠨ ᠪᠦᠷᠢᠯᠳᠦᠭᠦᠯᠦᠨ᠎ᠡ᠃