ᠰᠢᠨᠬᠤᠸᠠ ᠬᠣᠷᠢᠶᠠᠨ᠎ᠤ ᠪᠡᠭᠡᠵᠢᠩ᠎ᠤᠨ 5 ᠰᠠᠷ᠎ᠠ ᠵᠢᠨ 21᠎ᠤ ᠠ᠋ᠳᠦᠷ᠎ᠤᠨ ᠮᠡᠳᠡᠭᠡ ᠲᠦᠷᠦᠭᠦᠬᠡᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠲᠦᠷᠭᠡᠨ ᠳᠠᠪᠬᠢᠬᠤ ᠵᠠᠰᠠᠮᠠᠯ ᠵᠠᠮ᠎ᠤᠨ ᠮᠤᠵᠢ ᠵᠢᠨ ᠵᠠᠭ᠋ᠠᠭ᠎ᠤᠨ ᠬᠦᠮᠦᠨ᠎ᠤ ᠬᠦᠴᠦ᠎ᠪᠠᠷ ᠰᠦᠢ᠍ᠳᠬᠡᠯ ᠬᠤᠷᠢᠶᠠᠬᠤ ᠥᠷᠲᠡᠭᠡ ᠵᠢ ᠬᠦᠴᠦᠨ ᠥᠬᠡᠶ ᠪᠣᠯᠭ᠋ᠠᠬᠤ ᠲᠤᠬᠠᠢ ᠬᠡᠷᠡᠭᠵᠢᠭᠦᠯᠬᠦ ᠲᠥᠰᠦᠯ》 (ᠳᠣᠷᠣᠭᠰᠢ 《ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃
《ᠲᠥᠰᠦᠯ》᠎ᠳᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ ᠳᠦᠷᠢᠮ᠎ᠤᠨ ᠥᠭᠡᠷᠡᠴᠢᠯᠡᠯᠲᠡ ᠵᠢ ᠴᠢᠨᠠᠬᠰᠢᠳᠠ ᠭᠦᠨᠵᠡᠭᠡᠶ᠋ᠢᠷᠡᠭᠦᠯᠦᠨ᠂ ᠪᠥᠬᠥ ᠤᠯᠤᠰ᠎ᠤᠨ ᠲᠦᠷᠭᠡᠨ ᠳᠠᠪᠬᠢᠬᠤ ᠵᠠᠰᠠᠮᠠᠯ ᠵᠠᠮ᠎ᠤᠨ ᠮᠤᠵᠢ ᠵᠢᠨ ᠵᠠᠭ᠋ᠠᠭ᠎ᠤᠨ ᠬᠦᠮᠦᠨ᠎ᠤ ᠬᠦᠴᠦ᠎ᠪᠠᠷ ᠰᠦᠢ᠍ᠳᠬᠡᠯ ᠬᠤᠷᠢᠶᠠᠬᠤ ᠥᠷᠲᠡᠭᠡ ᠵᠢ ᠬᠦᠴᠦᠨ ᠥᠬᠡᠶ ᠪᠣᠯᠭ᠋ᠠᠬᠤ ᠵᠢ ᠲᠦᠷᠭᠡᠳᠬᠡᠵᠦ᠂ ᠲᠡᠷᠭᠡ ᠵᠣᠭᠰᠣᠭ᠋ᠠᠬᠤ ᠦᠭᠡᠢ᠎ᠪᠠᠷ ᠲᠦᠷᠭᠡᠨ ᠰᠦᠢ᠍ᠳᠬᠡᠯ ᠬᠤᠷᠢᠶᠠᠬᠤ ᠵᠢ ᠪᠡᠶᠡᠯᠡᠭᠦᠯᠬᠦ ᠵᠢᠨ ᠲᠥᠯᠥᠭᠡ᠂ 《ᠬᠣᠯᠠ ᠤᠢ᠌ᠷ᠎ᠠ ᠵᠢ ᠤᠶᠠᠯᠳᠤᠭᠤᠯᠬᠤ᠂ ᠨᠢᠭᠡᠳᠦᠯᠲᠡᠶ ᠲᠥᠯᠥᠪᠯᠡᠨ ᠤᠬᠠᠭ᠋ᠠᠯᠠᠨ ᠲᠦᠰᠦᠪᠯᠡᠭᠦ᠂ ᠰᠢᠨᠵᠢᠯᠡᠬᠦ ᠤᠬᠠᠭ᠋ᠠᠨᠴᠢ᠎ᠪᠠᠷ ᠵᠢᠷᠤᠵᠤ ᠲᠥᠯᠥᠪᠯᠡᠬᠦ᠂ ᠠ᠋ᠮᠬᠢ ᠵᠢᠷᠤᠮ᠎ᠲᠠᠢ ᠠᠬᠢᠭᠤᠯᠬᠤ᠂ ᠠᠮᠤᠷ ᠲᠦᠪᠰᠢᠨ ᠲᠣᠭᠲᠠᠭᠤᠨ ᠪᠠᠢ᠌ᠯᠭ᠋ᠠᠬᠤ᠂ ᠦᠷ᠎ᠡ ᠪᠦᠲᠦᠮᠵᠢ ᠵᠢ ᠲᠡᠭᠡᠭᠰᠢᠯᠡᠬᠦᠯᠦᠨ ᠰᠦᠢ᠍ᠳᠬᠡᠯ᠎ᠢ ᠪᠠᠭᠤᠷᠠᠭᠤᠯᠬᠤ》 ᠵᠠᠷᠴᠢᠮ ᠶᠣᠰᠣᠭ᠋ᠠᠷ᠂ ᠮᠡᠷᠭᠡᠵᠢᠯ᠎ᠤᠨ ᠱᠤᠭᠤᠮ᠎ᠢ ᠲᠣᠳᠣᠷᠬᠠᠢ ᠲᠤᠬᠳᠠᠭ᠋ᠠᠵᠤ᠂ ᠢᠨᠵᠧᠨᠧᠷᠢᠡᠭᠤᠨ ᠪᠦᠲᠦᠭᠡᠨ ᠪᠠᠢ᠌ᠭᠤᠯᠤᠯᠳᠠ ᠵᠢ ᠲᠦᠷᠭᠡᠳᠬᠡᠵᠦ᠂ 2019 ᠣᠨ᠎ᠤ ᠵᠢᠯ᠎ᠤᠨ ᠡᠴᠦᠰ᠎ᠠᠴᠠ ᠠ᠋ᠮᠦᠨ᠎ᠡ ᠪᠥᠬᠥ ᠤᠯᠤᠰ᠎ᠤᠨ ᠲᠦᠷᠭᠡᠨ ᠳᠠᠪᠬᠢᠬᠤ ᠵᠠᠰᠠᠮᠠᠯ ᠵᠠᠮ᠎ᠤᠨ ᠮᠤᠵᠢ ᠵᠢᠨ ᠵᠠᠭ᠋ᠠᠭ᠎ᠤᠨ ᠬᠦᠮᠦᠨ᠎ᠤ ᠬᠦᠴᠦ᠎ᠪᠠᠷ ᠰᠦᠢ᠍ᠳᠬᠡᠯ ᠬᠤᠷᠢᠶᠠᠬᠤ ᠥᠷᠲᠡᠭᠡ ᠵᠢ ᠦᠨᠳᠦᠰᠦᠨ᠎ᠳᠡᠭᠡᠨ ᠬᠦᠴᠦᠨ ᠥᠬᠡᠶ ᠪᠣᠯᠭ᠋ᠠᠬᠤ᠎ᠪᠠᠷ ᠴᠢᠷᠮᠠᠶ᠋ᠢᠵᠤ᠂ ᠠᠷᠠᠳ ᠣᠯᠠᠨ᠎ᠤ ᠠᠰᠢᠬ ᠬᠦᠷᠳᠡᠭᠰᠡᠨ ᠲᠥᠷᠥᠭᠳᠡᠯ᠂ ᠵᠣᠯ ᠵᠢᠷᠭ᠋ᠠᠯᠳᠤ ᠲᠥᠷᠥᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠳᠡᠭᠡᠭᠰᠢᠯᠡᠭᠦᠯᠬᠦ ᠬᠡᠷᠡᠭᠳᠡᠢ ᠬᠡᠵᠦ ᠵᠢᠭ᠋ᠠᠵᠤ ᠭᠠᠷᠭ᠋ᠠᠪᠠ᠃
《ᠲᠥᠰᠦᠯ》᠎ᠳᠤ ᠳᠥᠷᠪᠡᠨ ᠵᠦᠢ᠍ᠯ᠎ᠤᠨ ᠠᠵᠢᠯ ᠠ᠋ᠭᠦᠷᠭᠡ ᠵᠢ ᠪᠠᠶ᠋ᠢᠷᠢᠯᠠᠭᠤᠯᠪᠠ᠃
ᠨᠢᠭᠡ᠎ᠳᠤ ᠲᠦᠷᠭᠡᠨ ᠳᠠᠪᠬᠢᠬᠤ ᠵᠠᠰᠠᠮᠠᠯ ᠵᠠᠮ᠎ᠤᠨ ᠰᠦᠢ᠍ᠳᠬᠡᠯ ᠬᠤᠷᠢᠶᠠᠬᠤ ᠰᠢᠰᠲ᠋ᠧᠮ᠎ᠢ ᠲᠦᠷᠭᠡᠨ ᠪᠠᠢ᠌ᠭᠤᠯᠵᠤ ᠲᠡᠭᠦᠯᠳᠡᠷᠵᠢᠭᠦᠯᠦᠨ᠎ᠡ᠃
ᠬᠣᠶᠠᠷ᠎ᠲᠤ ᠲᠡᠷᠭᠡ ᠵᠣᠭᠰᠣᠭ᠋ᠠᠬᠤ ᠦᠭᠡᠢ᠎ᠪᠠᠷ ᠰᠦᠢ᠍ᠳᠬᠡᠯ ᠬᠤᠷᠢᠶᠠᠬᠤ ᠠ᠋ᠯᠧᠺᠲᠷᠤᠨ ᠰᠢᠰᠲ᠋ᠧᠮ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠨ᠎ᠡ᠃
ᠭᠤᠷᠪᠠ᠎ᠳᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ᠎ᠳᠤ ᠲᠦᠷᠭᠡᠨ ᠵᠠᠰᠠᠪᠤᠷᠢ ᠤᠷᠤᠭᠤᠯᠵᠤ ᠲᠡᠭᠦᠯᠳᠡᠷᠵᠢᠭᠦᠯᠦᠨ᠎ᠠ᠃
ᠳᠥᠷᠪᠡ᠎ᠳᠤ ᠵᠠᠰᠠᠭ᠎ᠤᠨ ᠣᠷᠳᠣᠨ᠎ᠤ ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ ᠦᠷᠢ ᠥᠭᠴᠡᠭᠡ ᠵᠢ ᠵᠢᠭᠡᠯᠡᠯᠭᠡ ᠵᠢᠨ ᠲᠡᠮᠳᠡᠭᠲᠦ ᠪᠣᠯᠭ᠋ᠠᠨ ᠰᠣᠯᠢᠬᠤ ᠶᠠᠪᠤᠳᠠᠯ᠎ᠢ ᠠᠬᠢᠭᠤᠯᠤᠨ᠎ᠠ ᠬᠡᠪᠡ᠃
ᠠᠩᠬᠠᠨ᠎ᠤ ᠬᠢᠨᠠᠭ᠍ᠴᠢ᠄ ᠸᠠᠩ