ᠵᠢᠵᠢᠭ ᠬᠡᠯᠪᠡᠷᠢ ᠵᠢᠨ ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ᠎ᠢ ᠪᠦᠬᠦ ᠤᠯᠤᠰ᠎ᠲᠤ 《ᠨᠢᠭᠡ ᠦᠨᠡᠮᠯᠡᠯ ᠵᠶ᠋ᠠᠷ ᠰᠢᠯᠭ᠋ᠠᠭᠤᠯᠵᠤ》 ᠪᠣᠯᠬᠤ ᠲᠦᠷᠢᠮ᠎ᠢ ᠬᠡᠷᠡᠭᠵᠢᠬᠦᠯᠦᠨ᠎ᠡ
ᠠᠷᠠᠳ᠎ᠤᠨ ᠠ᠋ᠳᠦᠷ᠎ᠤᠨ ᠰᠣᠨᠢᠨ᠎ᠤ ᠪᠡᠭᠡᠵᠢᠩ᠎ᠤᠨ 5 ᠰᠠᠷ᠎ᠠ ᠵᠢᠨ 23᠎ᠤ ᠠ᠋ᠳᠦᠷ᠎ᠤᠨ ᠮᠡᠳᠡᠭᠡ (ᠰᠤᠷᠪᠤᠯᠵᠢᠯᠠᠭᠴᠢ ᠵᠠᠩ ᠶᠠᠩ) ᠲᠦᠷᠦᠭᠦᠬᠡᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ 10 ᠵᠦᠢ᠍ᠯ᠎ᠤᠨ ᠰᠢᠨ᠎ᠡ ᠠᠷᠭ᠎ᠠ ᠬᠡᠮᠵᠢᠶ᠎ᠡ ᠵᠢ ᠨᠡᠢ᠌ᠳᠡᠯᠡᠪᠡ᠃ ᠲᠦᠷᠦᠭᠦᠬᠡᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠠ᠋ᠭᠦᠨ᠎ᠤ ᠲᠤᠬᠠᠢ ᠨᠢᠭᠡᠳ ᠨᠢᠭᠡ᠎ᠪᠠᠷ ᠲᠠᠶ᠋ᠢᠯᠤᠮᠵᠢ ᠬᠢᠵᠦ᠂ 6 ᠰᠠᠷ᠎ᠠ ᠵᠢᠨ 1᠎ᠤ ᠠ᠋ᠳᠦᠷ᠎ᠠᠴᠠ ᠠ᠋ᠬᠢᠯᠡᠨ ᠵᠢᠵᠢᠭ ᠬᠡᠯᠪᠡᠷᠢ ᠵᠢᠨ ᠮᠠᠰᠢᠨ ᠲᠡᠷᠭᠡᠨ᠎ᠤ ᠵᠢᠯᠤᠭᠤᠴᠢ ᠵᠢᠨ ᠦᠨᠡᠮᠯᠡᠯ᠎ᠢ ᠪᠥᠬᠥ ᠤᠯᠤᠰ᠎ᠲᠤ 《ᠨᠢᠭᠡ ᠦᠨᠡᠮᠯᠡᠯ ᠵᠶ᠋ᠠᠷ ᠰᠢᠯᠭ᠋ᠠᠭᠤᠯᠵᠤ》 ᠪᠤᠯᠬᠤ ᠳᠦᠷᠢᠮ᠎ᠢ ᠬᠡᠷᠡᠭᠵᠢᠭᠦᠯᠦᠨ᠎ᠡ ᠭᠡᠵᠦ ᠲᠣᠳᠣᠷᠬᠠᠶ ᠵᠢᠭ᠋ᠠᠵᠤ ᠭᠠᠷᠭ᠋ᠠᠪᠠ᠃
ᠲᠤᠰ ᠤᠳᠠᠭ᠋ᠠᠨ᠎ᠤ ᠥᠭᠡᠷᠡᠴᠢᠯᠡᠯᠲᠡ᠎ᠳᠤ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠨᠡᠢ᠌ᠭᠡᠮ ᠨᠡᠢ᠌ᠳᠡ ᠵᠢᠨ ᠠᠩᠬᠠᠷᠤᠯ᠎ᠳᠤ ᠢᠳᠡᠪᠬᠢᠲᠡᠶ ᠬᠠᠷᠢᠭᠤᠯᠲᠠ ᠥᠭᠴᠦ᠂ ᠮᠤᠵᠢ ᠵᠢᠨ ᠳᠣᠲᠣᠷ᠎ᠠ ᠣᠨᠳᠣᠤ ᠭᠠᠵᠠᠷ᠎ᠲᠤ ᠨᠡᠶ᠋ᠢᠳᠡᠮ ᠰᠢᠯᠭ᠋ᠠᠯᠲᠠ ᠬᠢᠵᠦ ᠪᠤᠯᠬᠤ ᠪᠠᠶ᠋ᠢᠳᠠᠯ᠎ᠢ ᠨᠠᠷᠢᠨ ᠬᠢᠨᠠᠮᠠᠭ᠋ᠠᠶ ᠳ᠋ᠦᠩᠨᠡᠵᠦ ᠦᠨᠡᠯᠡᠨ ᠵᠢᠱ᠌ᠢᠭᠰᠡᠨ᠎ᠤ ᠰᠠᠭᠤᠷᠢᠨ ᠳᠡᠭᠡᠷ᠎ᠡ᠂ ᠵᠢᠵᠢᠭ ᠬᠡᠯᠪᠡᠷᠢ ᠵᠢᠨ ᠮᠠᠰᠢᠨ ᠲᠡᠷᠭᠡᠨ᠎ᠤ ᠵᠢᠯᠤᠭᠤᠴᠢ ᠵᠢᠨ ᠦᠨᠡᠮᠯᠡᠯ᠎ᠢ ᠣᠨᠳᠣᠤ ᠭᠠᠵᠠᠷ᠎ᠲᠤ ᠭᠤᠶᠤᠴᠢᠯᠠᠨ ᠠᠪᠬᠤ ᠨᠥᠬᠥᠴᠡᠯ᠎ᠢ ᠴᠢᠨᠠᠬᠰᠢᠳᠠ ᠠᠭᠤᠵᠢᠭᠤ ᠲᠠᠯᠪᠢᠵᠤ᠂ ᠪᠥᠬᠥ ᠤᠯᠤᠰ᠎ᠲᠤ 《ᠨᠢᠭᠡ ᠦᠨᠡᠮᠯᠡᠯ ᠵᠶ᠋ᠠᠷ ᠰᠢᠯᠭ᠋ᠠᠭᠤᠯᠵᠤ》 ᠪᠤᠯᠬᠤ ᠲᠦᠷᠢᠮ᠎ᠢ ᠬᠡᠷᠡᠭᠵᠢᠬᠦᠯᠬᠦ ᠪᠤᠯᠤᠨ᠎ᠠ᠃ ᠭᠤᠶᠤᠴᠢᠯᠠᠭᠴᠢ᠎ᠨᠢ ᠲᠤᠰ ᠬᠥᠮᠦᠨ᠎ᠤ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠠᠨ ᠠᠪᠴᠤ ᠤᠯᠤᠰ ᠲᠤᠳᠤᠷᠠᠬᠢ ᠶᠠᠮᠠᠷᠪᠠ ᠨᠢᠭᠡᠨ ᠭᠠᠵᠠᠷ ᠪᠠ ᠬᠣᠲᠠ᠎ᠳᠤ ᠴᠦᠮ ᠵᠢᠵᠢᠭ ᠬᠡᠯᠪᠡᠷᠢ ᠵᠢᠨ ᠮᠠᠰᠢᠨ ᠲᠡᠷᠭᠡᠨ᠎ᠤ ᠵᠢᠯᠣᠭᠣᠴᠢ ᠵᠢᠨ ᠦᠨᠡᠮᠯᠡᠯ (C 1᠂ C 2᠂ C 5)᠎ᠢ ᠰᠢᠯᠭ᠋ᠠᠭᠤᠯᠬᠤ᠎ᠪᠠᠷ ᠰᠢᠭᠤᠳ ᠭᠤᠶᠤᠴᠢᠯᠠᠵᠤ ᠪᠣᠯᠤᠨ᠎ᠠ᠂ ᠣᠷᠣᠰᠢᠨ ᠰᠠᠭᠤᠬᠤ ᠦᠨᠡᠮᠯᠡᠯ ᠪᠤᠶᠤ ᠰᠠᠭᠤᠵᠤ ᠪᠠᠢ᠍ᠢ᠍ᠭ᠎ᠠ ᠭᠠᠵᠠᠷ ᠵᠶ᠋ᠠᠨ ᠳᠠᠩᠰᠠᠯᠠᠭᠤᠯᠤᠬᠰᠠᠨ ᠭᠡᠷᠡᠴᠢ ᠪᠠᠷᠢᠮᠲᠠ ᠲᠤᠰᠢᠶᠠᠬᠤ ᠬᠡᠷᠡᠭ ᠦᠭᠡᠢ ᠪᠦᠭᠡᠳ ᠣᠯᠠᠨ ᠲᠦᠮᠡᠨ᠎ᠤ ᠤᠢ᠌ᠷ᠎ᠠ ᠬᠠᠪᠢ᠎ᠳᠠᠭᠠᠨ ᠪᠡᠶ᠎ᠡ᠎ᠪᠠᠨ ᠳᠠᠭ᠋ᠠᠭ᠋ᠠᠨ ᠰᠢᠯᠭ᠋ᠠᠯᠳᠠ᠎ᠳᠤ ᠤᠷᠤᠵᠤ ᠦᠨᠡᠮᠯᠡᠯ ᠠᠪᠬᠤ᠎ᠳᠤ ᠳᠥᠭᠥᠮ ᠦᠵᠡᠭᠦᠯᠬᠦ ᠪᠤᠯᠤᠨ᠎ᠠ᠃
ᠠᠩᠬᠠᠨ᠎ᠤ ᠬᠢᠨᠠᠭ᠍ᠴᠢ᠄ ᠸᠠᠩ